ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠡᠵᠢᠭᠡᠯ ᠪᠣᠷᠳᠣᠭᠠᠨ ᠤ ᠠᠵᠢᠯ ᠲᠥᠷᠥᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/2/22
      2 ᠰᠠᠷ᠎ᠠ ᠶᠢᠨ 20 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠲᠠᠰᠤᠭ ᠬᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠳᠤᠷᠠᠨ ᠪᠥᠬᠦ ᠬᠤᠰᠢᠭᠤᠨ ᠤ ᠡᠯ᠎ᠡ ᠲᠡᠵᠢᠭᠡᠯ ᠪᠣᠷᠳᠤᠭ᠎ᠠ ᠡᠵᠡᠩᠨᠡᠬᠦ ᠳᠡᠯᠭᠡᠭᠦᠷ ᠲᠤ ᠬᠦᠷᠴᠦ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠲᠠᠯᠠᠪᠤᠷ ᠤᠨ ᠦᠨᠡᠮᠯᠡᠯ ᠭᠡᠷᠡᠴᠢ ᠪᠦᠷᠢᠨ ᠭᠦᠢᠴᠡᠳ ᠪᠠᠶᠢᠬᠤ ᠡᠰᠡᠬᠦ᠂ ᠬᠠᠭᠤᠷᠮᠠᠭ ᠮᠠᠭᠤ᠂ ᠬᠤᠭᠤᠴᠠᠭ᠎ᠠ ᠨᠢ ᠥᠩᠭᠡᠷᠡᠭᠰᠡᠨ ᠪᠣᠷᠳᠤᠭ᠎ᠠ ᠡᠵᠡᠩᠨᠡᠵᠦ ᠪᠠᠶᠢᠬᠤ ᠡᠰᠡᠬᠦ᠂ ᠪᠣᠷᠳᠤᠭ᠎ᠠ ᠬᠠᠩᠭᠠᠬᠤ᠂ ᠪᠣᠷᠣᠯᠠᠭᠤᠯᠬᠤ᠂ ᠬᠠᠳᠠᠭᠠᠯᠠᠬᠤ ᠰᠢᠰᠲ᠋ᠧᠮ ᠢ ᠵᠢᠷᠤᠮᠵᠢᠭᠤᠯᠤᠨ ᠠᠵᠢᠯᠯᠠᠭᠤᠯᠵᠤ ᠪᠠᠶᠢᠬᠤ ᠡᠰᠡᠬᠦ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠲᠡᠮᠳᠡᠭᠯᠡᠯ ᠢ ᠣᠨᠣᠪᠴᠢᠲᠠᠶ ᠰᠠᠶᠢᠨ ᠬᠢᠵᠦ ᠪᠠᠶᠢᠬᠤ ᠡᠰᠡᠬᠦ ᠵᠡᠷᠭᠡ ᠪᠠᠶᠢᠳᠠᠯ ᠳᠤ ᠴᠢᠭᠯᠡᠭᠦᠯᠦᠨ ᠨᠠᠷᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠤᠯᠤᠰ ᠠᠴᠠ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠬᠠᠤᠯᠢ ᠠᠴᠠ ᠵᠥᠷᠢᠴᠡᠭᠰᠡᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠪᠣᠷᠣᠯᠠᠭᠤᠯᠬᠤ ᠶᠢ ᠡᠷᠡᠰ ᠲᠡᠪᠴᠢᠬᠦ ᠬᠡᠷᠡᠭᠲᠡᠢ ᠭᠡᠪᠡ᠃ 
微信图片_20230222110858.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号