ᠯᠢᠦ ᠶᠣᠣ ᠪᠦᠯᠭᠦᠮ ᠳᠠᠭᠠᠭᠤᠯᠤᠨ ᠱᠠᠨᠳᠦ᠋ᠩ ᠤᠨ ᠾᠧᠩ ᠶᠤᠸᠠᠨ ᠬᠠᠶᠠᠭᠳᠠᠮᠠᠯ ᠪᠣᠳᠠᠰ ᠢ ᠠᠰᠢᠭᠯᠠᠬᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/2/23
       2 ᠰᠠᠷ᠎ᠠ ᠶᠢᠨ 22 ᠤᠨ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢᠦ ᠶᠣᠣ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠭᠡᠷ ᠬᠥᠷᠥᠩᠭᠡ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠣᠯᠣᠨ ᠵᠥᠩ ᠭᠤᠸᠠᠩ ᠾᠧ ᠬᠤᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠶᠢᠨ ᠮᠡᠷᠭᠡᠵᠢᠯᠲᠡᠨ ᠢ ᠳᠠᠭᠠᠭᠤᠯᠤᠨ᠂ ᠱᠠᠨᠳᠦ᠋ᠩ ᠤᠨ ᠾᠧᠩ ᠶᠤᠸᠠᠨ ᠬᠠᠶᠠᠭᠳᠠᠮᠠᠯ ᠪᠣᠳᠠᠰ ᠢ ᠠᠰᠢᠭᠯᠠᠬᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠮᠳᠤ ᠳᠤᠨᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠰᠢᠨᠵᠢᠯᠡᠨ ᠪᠠᠶᠢᠴᠠᠭᠠᠵᠤ᠂ ᠬᠠᠮᠢᠶ᠎ᠠ ᠪᠦᠬᠦᠢ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠠᠷ ᠤᠷᠠᠯᠠᠯ ᠤᠨ ᠴᠤᠪᠤᠷᠠᠯ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠲᠠᠳᠠᠬᠤ ᠲᠥᠷᠥᠯ ᠵᠦᠢᠯ ᠢ ᠲᠠᠨᠢᠯᠴᠠᠭᠤᠯᠪᠠ᠃     
微信图片_20230223100344.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号