| ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠯᠢᠳᠡᠭ | ᠪᠣᠯᠬᠤ ᠪᠠᠷ ᠴᠢᠷᠮᠠᠶᠢᠬᠤ ᠣᠨ ᠤ ᠠᠵᠢᠯ ᠤᠨ ᠡᠭᠦᠷᠭᠡ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠳᠣᠲᠠᠭᠳᠠᠯ ᠢᠶᠠᠨ ᠨᠥᠬᠦᠪᠦᠷᠢᠯᠡᠬᠦ᠂ ᠳᠡᠭᠡᠭᠰᠢᠯᠡᠭᠦᠯᠬᠦ ᠶᠢ ᠠᠬᠢᠭᠤᠯᠬᠤ᠂ ᠴᠢᠨᠠᠷ | ᠴᠢᠨᠰᠠᠭ᠎ᠠ ᠶᠢ ᠴᠢᠩᠭᠠᠳᠬᠠᠨ ᠰᠢᠯᠢᠳᠡᠭ ᠪᠣᠯᠬᠤ ᠪᠠᠷ ᠴᠢᠷᠮᠠᠶᠢᠬᠤ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠵᠦᠢᠯ ᠤᠨ | ᠠᠵᠢᠯ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ᠂ | ᠣᠯᠠᠨ ᠲᠠᠯ᠎ᠠ ᠪᠠᠷ ᠰᠢᠯᠢᠳᠡᠭ ᠪᠣᠯᠬᠤ ᠪᠠᠷ ᠴᠢᠷᠮᠠᠶᠢᠬᠤ ᠶᠢ ᠪᠠᠲᠤᠯᠠᠵᠤ᠂ ᠲᠣᠭᠲᠠᠭᠤᠨ᠂ ᠡᠷᠬᠡ ᠲᠡᠭᠰᠢ᠂ ᠢᠯᠡ ᠲᠣᠳᠣ | ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠬᠦᠴᠦᠯᠡᠨ ᠪᠣᠶ ᠪᠣᠯᠭᠠᠪᠠ᠃ | | | ᠳᠣᠲᠠᠭᠳᠠᠯ ᠢᠶᠠᠨ ᠨᠦᠬᠦᠪᠦᠷᠢᠯᠡᠪᠡ᠃ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠡᠶ᠎ᠡ ᠪᠠᠷ ᠢᠶᠠᠨ | ᠲᠤᠰᠬᠠᠢ ᠬᠤᠷᠠᠯ ᠬᠢᠵᠦ᠂ ︽ᠵᠠᠷᠤᠳ ᠬᠤᠰᠢᠭᠤᠨ ᠤ 2022 ᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠵᠢᠯ ᠤᠨ ᠰᠡᠭᠦᠯᠴᠢ ᠶᠢᠨ ᠬᠢᠨᠠᠨ ᠰᠢᠯᠭᠠᠬᠤ ᠬᠤᠪᠢ ᠬᠠᠰᠤᠬᠤ ᠲᠥᠷᠥᠯ ᠵᠦᠢᠯ ᠤᠨ | ᠨᠠᠷᠢᠨ ᠳᠠᠩᠰᠠ︾ ᠲᠠᠢ ᠬᠠᠷᠢᠴᠠᠭᠤᠯᠵᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠭᠰᠡᠨ | ᠪᠣᠳᠠᠲᠠᠢ ᠬᠠᠷᠢᠭᠤᠯᠲᠠ ᠬᠢᠭᠰᠡᠨ ᠠᠭᠤᠯᠭ᠎ᠠ ᠲᠠᠢ ᠬᠠᠷᠢᠴᠠᠭᠤᠯᠵᠤ᠂ ᠣᠳᠣᠬᠠᠨ ᠳᠤ ᠣᠷᠣᠰᠢᠵᠤ ᠪᠠᠶᠢᠭ᠎ᠠ ᠲᠣᠪᠣᠶᠢᠮ᠎ᠠ | ᠠᠰᠠᠭᠤᠳᠠᠯ ᠪᠠ ᠳᠣᠲᠠᠭᠳᠠᠯ ᠪᠠᠭᠤᠷᠠᠢ ᠵᠦᠢᠯᠡᠰ ᠢᠶᠠᠨ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠭᠦᠷᠭᠡ ᠶᠢᠨ ᠨᠠᠷᠢᠨ | ᠳᠠᠩᠰᠠ ᠡᠬᠡ ᠲᠠᠩᠰᠠ ᠶᠢ ᠦᠨᠡᠨ ᠪᠣᠳᠠᠲᠠᠢ ᠪᠠᠷ ᠵᠢᠭᠰᠠᠭᠠᠨ ᠭᠠᠷᠭᠠᠵᠤ᠂ ᠪᠥᠬᠦ ᠣᠷᠣᠨ᠂ ᠪᠥᠬᠦ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠢᠴᠡᠳᠬᠡᠯ ᠲᠤᠭ᠎ᠠ ᠶᠢᠨ ᠳᠤᠮᠳᠠᠴᠢ ᠬᠢᠷᠢ ᠬᠡᠮᠵᠢᠶ᠎ᠡ ᠲᠠᠢ | ᠬᠠᠷᠢᠴᠠᠭᠤᠯᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠨ ᠭᠠᠷᠭᠠᠵᠤ᠂ ᠬᠠᠷᠠᠯᠲᠠ ᠬᠢᠷᠢ ᠬᠡᠮᠵᠢᠶ᠎ᠡ ᠪᠠᠨ | ᠵᠢᠭᠰᠠᠭᠠᠨ᠂ ᠵᠤᠷᠪᠤᠰ ᠳᠠᠷᠠᠭᠠᠯᠠᠨ ᠦᠨᠡᠨᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠳᠣᠭᠲᠠᠭᠠᠪᠠ᠃ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ | ᠦᠵᠡᠭᠳᠡᠯ ᠢ ᠬᠦᠴᠦᠯᠡᠨ ᠰᠢᠢᠳᠪᠦᠷᠢᠯᠡᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠠᠰᠠᠭᠤᠳᠠᠯ ᠢ ᠪᠣᠳᠠᠲᠠᠢ ᠴᠡᠭᠴᠡᠯᠡᠨ | ᠰᠠᠶᠢᠵᠢᠷᠠᠭᠤᠯᠬᠤ ᠶᠢ ᠡᠷᠡᠰ ᠪᠡᠶᠡᠯᠡᠭᠦᠯᠵᠦ᠂ ᠠᠵᠢᠯ ᠤᠨ ᠳᠣᠲᠠᠭᠳᠠᠯ ᠪᠠ ᠪᠠᠭᠤᠷᠠᠢ ᠭᠤᠭᠴᠤᠭ᠎ᠠ ᠶᠢ ᠴᠢᠷᠮᠠᠶᠢᠨ | ᠨᠥᠬᠦᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠶᠠᠰᠤ | ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠬᠠᠮᠲᠤᠪᠠᠷ ᠪᠣᠶ ᠪᠣᠯᠭᠠᠪᠠ᠃ | | | | ᠴᠢᠨᠠᠷ ᠴᠢᠨᠰᠠᠭ᠎ᠠ ᠦᠷ᠎ᠡ ᠠᠰᠢᠭ ᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ᠂ ᠲᠦᠩᠯᠢᠶᠣᠣ | ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯ ᠢ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ︽ᠲᠦᠩᠯᠢᠶᠣᠣ ᠬᠤᠲᠠ ᠶᠢᠨ 2023 ᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢᠨ | ᠲᠥᠰᠥᠯ ᠪᠠ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠶᠢᠨ ᠲᠣᠭᠤᠷᠢᠨ ᠳᠤ᠂ ︽ᠵᠠᠷᠤᠳ | ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠯᠢᠳᠡᠭ | ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢᠨ ᠲᠥᠰᠥᠯ︾ ᠪᠠ ︽ᠭᠤᠣᠯᠳᠠᠯᠭ᠎ᠠ ᠲᠠᠢ ᠡᠭᠦᠷᠭᠡ ᠶᠢᠨ ᠨᠠᠷᠢᠨ | ᠲᠠᠩᠰᠠ︾ ᠶᠢ ᠲᠣᠭᠲᠠᠭᠠᠨ ᠨᠠᠶᠢᠳᠠᠪᠤᠷᠢᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ | ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠵᠤ᠂ ᠡᠯ᠎ᠡ | ᠵᠦᠢᠯ ᠤᠨ ᠠᠵᠢᠯ ᠤᠨ ᠡᠭᠦᠷᠭᠡ ᠪᠠᠨ ᠨᠠᠷᠢᠨ ᠨᠠᠶᠢᠳᠠᠪᠤᠷᠢᠵᠢᠭᠤᠯᠵᠤ᠂ ᠨᠠᠷᠢᠨ ᠳᠠᠩᠰᠠᠨ ᠳᠠᠬᠢ ︽ᠪᠣᠳᠠᠲᠠᠢ ᠡᠭᠦᠷᠭᠡ︾ | ᠂ ︽ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ︾᠂ ︽ᠬᠠᠷᠢᠭᠤᠴᠠᠯᠭᠠᠲᠠᠨ︾᠂ ︽ᠲᠥᠯᠥᠪᠯᠡᠭᠡ ᠠᠷᠭ᠎ᠠ | ᠬᠡᠮᠵᠢᠶ᠎ᠡ︾᠂ ︽ᠰᠠᠷ᠎ᠠ ᠶᠢᠨ ᠠᠵᠢᠯ ᠤᠨ ᠲᠣᠬᠢᠷᠠᠭᠤᠯᠤᠯᠲᠠ︾ ᠵᠡᠷᠭᠡ ᠠᠭᠤᠯᠭ᠎ᠠ ᠶᠢ ᠨᠠᠷᠢᠯᠢᠭᠵᠢᠭᠤᠯᠤᠨ ᠲᠠᠭᠯᠠᠵᠤ᠂ | ᠡᠭᠦᠨ ᠤ ᠬᠠᠮᠲᠤ ᠬᠥᠳᠡᠯᠦᠩᠭᠦᠢ ᠨᠠᠷᠢᠨ ᠲᠠᠩᠰᠠ ᠪᠠᠶᠢᠭᠤᠯᠵᠤ᠂ ᠮᠥᠷᠳᠡᠨ ᠠᠬᠢᠭᠤᠯᠬᠤ ᠪᠠᠷ ᠳᠡᠮᠵᠢᠨ᠂ ᠡᠯ᠎ᠡ | ᠨᠢᠭᠡᠴᠡ ᠬᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ | ᠣᠨ ᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ | ᠨᠡᠶᠢᠲᠡᠯᠡᠵᠦ᠂ ᠡᠯ᠎ᠡ ᠵᠦᠢᠯ ᠤᠨ ᠠᠵᠢᠯ ᠤᠨ ᠭᠦᠢᠴᠡᠳᠬᠡᠯ ᠲᠤᠭ᠎ᠠ ᠶᠢᠨ ᠰᠢᠪᠲᠤᠯᠤᠯᠲᠠ ᠶᠢᠨ ᠴᠡᠭ ᠢ ᠬᠠᠮᠤᠭ ᠤᠨ | ᠶᠡᠭᠡ ᠬᠡᠮᠵᠢᠶ᠎ᠡ ᠪᠠᠷ ᠡᠷᠢᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ | ᠂ ᠨᠠᠩ ᠰᠢᠯᠢᠳᠡᠭ ᠨᠠᠩ ᠪᠣᠳᠠᠲᠠᠢ ᠨᠠᠩ ᠪᠦᠷᠢᠨ ᠨᠠᠩ ᠰᠠᠶᠢᠨ ᠠᠵᠢᠯ ᠤᠨ ᠦᠷ᠎ᠡ ᠪᠦᠲᠦᠮᠵᠢ ᠪᠠᠷ ᠪᠥᠬᠦ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠳᠠᠬᠢᠨ ᠰᠢᠨ᠎ᠡ | ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ | | | | ᠭᠢᠯᠠᠰ ᠴᠡᠭ ᠢ ᠠᠳᠬᠤᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠯᠡᠯᠲᠡ ᠲᠥᠷᠥᠭᠳᠡᠯ ᠤᠨ | ᠬᠡᠮᠵᠢᠶ᠎ᠡ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠡᠪᠡᠷᠰᠢᠶᠡᠯ ᠤᠨ ᠴᠡᠭ᠂ ᠬᠦᠴᠢᠷᠳᠡᠯ ᠤᠨ ᠴᠡᠭ᠂ | ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠬᠦᠴᠦ ᠣᠷᠣᠭᠤᠯᠤᠨ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠵᠦᠷᠢᠶᠡᠴᠢᠯᠡᠭᠰᠡᠨ ᠰᠦᠪᠡᠭᠴᠢᠯᠡᠯᠲᠡ ᠦᠢᠯᠡᠳᠦᠯᠭᠡ ᠬᠢᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ | ᠲᠤᠬᠠᠢ ᠳᠤᠨᠢ ᠳ᠋ᠦᠩᠨᠡᠨ ᠳᠡᠭᠡᠭᠰᠢᠯᠡᠭᠦᠯᠦᠭᠡᠳ ᠳᠦᠷᠢᠮ ᠤᠨ ᠲᠣᠭᠲᠠᠴᠠ ᠪᠣᠯᠭᠠᠪᠠ᠃ ᠲᠡᠷᠢᠭᠦᠨ ᠤ ᠭᠠᠵᠠᠷ ᠣᠷᠣᠨ ᠤ | ᠰᠠᠶᠢᠨ ᠲᠤᠷᠰᠢᠯᠭ᠎ᠠ᠂ ᠰᠠᠶᠢᠨ ᠠᠷᠭ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠤᠷᠢᠳᠴᠢᠯᠠᠨ | ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠣᠨᠣᠴᠠᠲᠠᠢ ᠰᠢᠪᠲᠤᠯᠤᠯᠲᠠ ᠬᠢᠵᠦ᠂ | ᠠᠵᠢᠯ ᠤᠨ ᠬᠢᠯᠠᠰ ᠴᠡᠭ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠠᠭᠤᠳᠠᠯᠤᠨ ᠡᠮᠬᠢᠯᠡᠵᠦ᠂ ︽ᠱᠤᠭᠤᠵᠤ | ᠪᠣᠯᠬᠤ᠂ ᠦᠵᠡᠭᠦᠯᠵᠦ ᠪᠣᠯᠬᠤ︾ ᠰᠢᠨ᠎ᠡ ᠶᠢ ᠡᠭᠦᠳᠴᠦ ᠰᠢᠯᠢᠳᠡᠭ ᠲᠦᠷᠦᠯ ᠲᠡᠮᠳᠡᠭ ᠢ ᠢᠳᠡᠪᠬᠢᠲᠡᠢ ᠡᠭᠦᠳᠪᠡ᠃ | ᠬᠤᠰᠢᠭᠤ ᠳᠠᠶᠠᠭᠠᠷ ᠢᠶᠠᠷ ᠢᠶᠠᠨ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠥᠭᠦᠮᠴᠢᠯᠡᠭᠰᠡᠨ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ ᠠᠵᠢᠯ ᠤᠨ ᠬᠠᠷᠠᠯᠲᠠ ᠶᠢᠨ ᠲᠣᠭᠤᠷᠢᠨ ᠳᠤ᠂ ᠡᠯ᠎ᠡ | ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠡᠯ᠎ᠡ ᠬᠦᠷᠢᠶ᠎ᠡ | ᠴᠠᠷ᠎ᠠ ᠶᠢᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ 2023 ᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠴᠢᠨᠠᠷᠲᠠᠢ ᠠᠵᠢᠯ ᠤᠨ ᠬᠢᠯᠠᠰ ᠴᠡᠭ ᠢ ᠰᠤᠳᠤᠯᠤᠨ ᠲᠣᠭᠲᠠᠭᠠᠵᠤ᠂ | ᠣᠲᠣ ᠪᠣᠯᠲᠠᠯ᠎ᠠ᠂ ᠪᠥᠬᠦ ᠬᠤᠰᠢᠭᠤᠨ ᠤ ᠨᠡᠶᠢᠲᠡ 14 ᠭᠦᠢᠴᠡᠳᠬᠡᠯ ᠲᠤᠭ᠎ᠠ ᠲᠠᠢ ᠬᠤᠯᠪᠣᠭᠳᠠᠬᠤ ᠰᠠᠯᠠᠭ᠎ᠠ | ᠮᠥᠴᠢᠷ ᠬᠢᠨ ᠰᠢᠨ᠎ᠡ ᠶᠢ ᠡᠭᠦᠳᠬᠦ ᠠᠵᠢᠯ ᠤᠨ ᠲᠥᠯᠥᠪᠯᠡᠭᠡ ᠪᠠᠨ ᠳᠡᠭᠡᠭᠰᠢ ᠮᠡᠳᠡᠭᠦᠯᠪᠡ᠃ | | | |