ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ︽ᠰᠦᠯᠢᠶᠦᠦ ᠬᠤᠭ ᠨᠣᠪᠰᠢ ᠶᠢ ᠴᠡᠪᠡᠷᠯᠡᠵᠦ · ᠣᠷᠴᠢᠨ ᠲᠣᠭᠤᠷᠢᠨ ᠢ ᠬᠠᠮᠲᠤᠪᠠᠷ ᠭᠤᠶᠣᠵᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/23
    ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠣᠯᠠᠮ ᠨᠢᠭᠡ ᠠᠯᠬᠤᠮ ᠰᠠᠶᠢᠲᠤᠷ ᠪᠠᠳᠠᠷᠠᠭᠤᠯᠬᠤ ᠶᠢᠨ ᠲᠦᠯᠦᠭᠡ᠂ 2 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ᠪᠥᠬᠦ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ︽  ᠰᠦᠯᠢᠶᠦᠦ ᠬᠤᠭ ᠨᠣᠪᠰᠢ ᠶᠢ  ᠴᠡᠪᠡᠷᠯᠡᠵᠦ᠂ ᠣᠷᠴᠢᠨ ᠲᠣᠭᠤᠷᠢᠨ ᠢ ᠬᠠᠮᠲᠤ ᠪᠠᠷ ᠭᠤᠶᠣᠵᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
bc8de454ca13d1b042d8e665c4ed876.jpg
    ᠨᠠᠮ ᠤᠨ ᠭᠡᠰᠢᠭᠦᠨ ᠺᠠᠳ᠋ᠷᠴᠣᠳ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠪᠠᠷᠠᠭᠤᠨ ᠲᠣᠨᠣᠯᠵᠢᠨ ᠵᠠᠮ ᠠᠴᠠ ᠡᠬᠢᠯᠡᠨ ᠪᠠᠶᠢᠴᠠᠭᠠᠬᠤ ᠬᠤᠷᠢᠶᠠᠨ ᠤ ᠵᠠᠮ ᠤᠨ ᠠᠭᠤᠯᠵᠠᠷ ᠬᠦᠷᠲᠡᠯ᠎ᠡ᠂ ᠵᠠᠮ ᠤᠨ ᠬᠤᠶᠠᠷ ᠲᠠᠯ᠎ᠠ ᠵᠢᠴᠢ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠬᠤᠭ ᠨᠣᠪᠰᠢ ᠴᠠᠭᠠᠰᠤᠨ ᠦᠷᠦᠪᠳᠡᠰᠦ᠂ ᠰᠦᠯᠢᠶᠥᠦ ᠤᠭᠤᠲᠠ ᠂ ᠲᠠᠮᠠᠬᠢᠨ ᠶᠣᠵᠣᠭᠤᠷ ᠵᠡᠷᠭᠡ ᠠᠮᠢᠳᠤᠷᠠᠯ ᠤᠨ ᠬᠤᠭ ᠨᠣᠪᠰᠢ ᠶᠢ ᠠᠯᠳᠠᠯ ᠦᠭᠡᠢ ᠲᠡᠭᠦᠪᠡ᠂ ᠵᠢᠴᠢ ᠵᠠᠮ ᠤᠨ ᠬᠤᠶᠠᠷ ᠬᠠᠵᠠᠭᠤ ᠶᠢᠨ ᠰᠢᠷᠣᠢ ᠶᠢᠨ ᠣᠪᠣᠭ᠎ᠠ᠂ ᠮᠣᠳᠣᠨ ᠳᠣᠣᠷᠠᠬᠢ ᠡᠯᠳᠡᠪ ᠪᠣᠳᠠᠰ᠂ ᠡᠯᠭᠦᠮᠡᠯ ᠪᠣᠳᠠᠰ ᠵᠡᠷᠭᠡ ᠬᠤᠭ ᠨᠣᠪᠰᠢ ᠶᠢ ᠭᠤᠣᠯᠳᠠᠯᠭ᠎ᠠ ᠲᠠᠢ ᠴᠡᠪᠡᠷᠯᠡᠬᠦ ᠶᠢᠨ ᠵᠡᠷᠭᠡᠪᠡᠷ ᠵᠠᠮ ᠳᠠᠭᠠᠤ ᠬᠤᠭ ᠨᠣᠪᠰᠢ ᠬᠠᠶᠠᠬᠤ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠢᠳᠬᠠᠨ ᠰᠡᠷᠡᠮᠵᠢᠯᠡᠭᠦᠯᠵᠦ᠂ ᠣᠷᠴᠢᠨ ᠲᠣᠭᠤᠷᠢᠨ ᠬᠠᠮᠠᠭᠠᠯᠠᠬᠤ ᠲᠣᠭᠬᠠᠢ ᠢᠳᠡᠪᠬᠢᠲᠡᠢ ᠤᠬᠠᠭᠤᠯᠵᠤ᠂ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠪᠠ᠃
baa5c5614992f95f3f4edb41653f36d.jpg
    ᠲᠣᠰ ᠤᠳᠠᠭᠠᠨ ᠤ ᠠᠵᠢᠯᠯᠠᠭ᠎ᠠ ᠦᠷᠨᠢᠭᠦᠯᠦᠭᠰᠡᠨ᠂ ᠪᠣᠳᠠᠲᠠᠢ ᠠᠵᠢᠯᠯᠠᠭ᠎ᠠ ᠪᠠᠷ ᠢᠶᠠᠨ ᠠᠵᠢᠯ ᠤᠨ ᠰᠤᠷᠲᠠᠯ ᠢᠶᠠᠨ ᠲᠤᠰᠬᠠᠢ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠲᠣᠨᠣᠯᠵᠢᠨ ᠵᠠᠮ ᠠᠴᠠ ᠪᠠᠶᠢᠴᠠᠭᠠᠬᠤ ᠬᠤᠷᠢᠶᠠᠨ ᠤ ᠵᠠᠮ ᠤᠨ ᠠᠭᠤᠯᠵᠠᠷ ᠬᠦᠷᠲᠡᠯ᠎ᠡ ᠵᠠᠮ ᠤᠨ ᠬᠤᠶᠠᠷ ᠲᠠᠯ᠎ᠠ ᠡᠮᠬᠢ ᠵᠠᠮᠪᠠᠷᠠᠭ᠎ᠠ ᠦᠭᠡᠢ᠂ ᠣᠷᠴᠢᠨ ᠲᠣᠭᠤᠷᠢᠨ ᠠᠨᠠᠢ ᠪᠠᠶᠢᠳᠠᠯ ᠢ ᠪᠦᠲᠦᠮᠵᠢᠲᠡᠶ ᠴᠡᠪᠡᠷᠯᠡᠨ᠂ ᠣᠯᠠᠨ ᠲᠦᠮᠡᠨ ᠤ ᠢᠳᠡᠪᠬᠢᠲᠡᠢ ᠣᠷᠤᠯᠴᠠᠬᠤ ᠶᠢ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠠᠷᠢᠭᠤᠨ ᠴᠡᠪᠡᠷ᠂ ᠴᠡᠪᠡᠷ ᠲᠡᠭᠰᠢ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号