| 2 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ︽ᠲᠡᠪᠤ ᠶᠢ ᠦᠨᠳᠦᠰᠦᠨ ᠠᠴᠠ ᠨᠢ | ᠡᠬᠢᠯᠡᠭᠦᠯᠬᠦ︾ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠵᠦ᠂ ᠠᠵᠢᠯ ᠢ ᠠᠬᠢᠭᠤᠯᠤᠭᠰᠠᠨ ᠪᠠᠶᠢᠳᠠᠯ ᠢ | ᠲᠣᠬᠢᠷᠠᠭᠤᠯᠤᠨ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠠᠬᠢᠴᠠ ᠵᠢᠴᠢ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠪᠠ᠃ | | | ᠪᠦᠦ ᠸᠧᠨ ᠯᠠᠨ ᠴᠢᠬᠤᠯᠠᠴᠢᠯᠠᠭᠰᠠᠨ ᠨᠢ᠂ ︽ᠲᠠᠪᠤ ᠶᠢ ᠦᠨᠳᠦᠰᠦᠨ ᠠᠴᠠ ᠨᠢ ᠡᠬᠢᠯᠡᠭᠦᠯᠬᠦ︾ ᠠᠵᠢᠯ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠴᠢᠮᠯᠢᠭ ᠪᠥᠭᠡᠳ ᠠᠷᠪᠢᠲᠠᠢ | ᠬᠥᠭᠵᠢᠭᠦᠯᠬᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠣᠨ᠎ᠠ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ︽ᠲᠠᠪᠤ ᠶᠢ ᠦᠨᠳᠦᠰᠦᠨ ᠠᠴᠠ ᠨᠢ ᠡᠬᠢᠯᠡᠭᠦᠯᠬᠦ︾ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ︽ | ᠲᠠᠪᠤ ᠶᠢ ᠦᠨᠳᠦᠰᠦᠨ ᠠᠴᠠ ᠨᠢ ᠡᠬᠢᠯᠡᠭᠦᠯᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠠᠬᠢᠭᠤᠯᠬᠤ | ᠬᠡᠷᠡᠭᠲᠡᠢ᠃ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠨ᠂ ᠪᠥᠬᠦ ᠴᠤᠪᠤᠷᠠᠯ ᠢᠶᠠᠷ ᠬᠠᠪᠰᠤᠷᠤᠨ ᠭᠦᠢᠴᠡᠳᠬᠡᠬᠦ᠂ | ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠳᠠᠷᠠᠭᠤᠯᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠣᠨᠴᠠᠯᠢᠭ ᠢ | ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠡᠮᠦᠨ᠎ᠡ ᠹᠷᠣᠨᠲ ᠳᠤ ᠵᠢᠯᠣᠭᠤᠳᠴᠤ᠂ ᠲᠥᠷᠥᠯ | ᠵᠦᠢᠯ ᠤᠨ ᠭᠠᠷᠳᠠᠮ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠠᠭ ᠤᠨ ᠬᠢᠵᠠᠭᠠᠷ ᠪᠠ ᠱᠠᠭᠠᠷᠳᠠᠯᠭ᠎ᠠ | ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠵᠦ᠂ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ | ᠯᠦᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | | |