ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/24
    2 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠠᠵᠢᠯ ᠤᠨ ᠬᠤᠷᠠᠯ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ ᠬᠤᠷᠠᠯ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ᠂ ᠵᠠᠩ ᠶᠦᠩ ᠴᠢᠶᠠᠩ᠂ ᠵᠠᠩ ᠴᠦᠨ ᠬᠤᠶ᠂ ᠶᠠᠩ ᠵᠧᠨ ᠴᠢᠩ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠡᠯ᠎ᠡ ᠠᠵᠢᠯ ᠤᠨ ᠵᠥᠪᠯᠡᠯ ᠤᠨ ᠡᠷᠬᠢᠯᠡᠭᠴᠢ ᠪᠣᠯᠣᠨ ᠡᠯ᠎ᠡ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠯᠦᠪᠸᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠤᠷᠢᠭᠤᠴᠠᠯᠭᠠᠲᠠᠨ ᠬᠤᠷᠠᠯ ᠳᠤ ᠣᠷᠣᠯᠴᠠᠪᠠ᠃
6e8200bd9b3978a21d56c1c50a368d8.jpg
    ᠦ᠋ ᠴᠢᠩ ᠬᠠᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠵᠠᠪᠠᠯ ᠰᠤᠷᠬᠤ ᠬᠢᠴᠢᠶᠡᠯ ᠢᠶᠠᠨ ᠪᠣᠯᠭᠠᠵᠤ᠂ ᠰᠤᠷᠣᠯᠴᠠᠨ ᠦᠢᠯᠡᠳᠦᠯᠭᠡᠵᠢᠭᠦᠯᠬᠦ ᠰᠡᠳᠭᠢᠵᠦ ᠣᠶᠢᠯᠠᠭᠠᠬᠤ ᠳᠣᠮᠲᠠ ᠪᠠᠨ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠬᠡᠷᠡᠭᠴᠡᠭᠡ᠂ ᠰᠢᠨ᠎ᠡ ᠣᠨᠴᠠᠯᠢᠭ ᠢ ᠰᠤᠳᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠲᠣᠭᠲᠠᠴᠠ᠂ ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢᠨ ᠬᠦᠴᠢᠷ ᠰᠡᠳᠦᠪ ᠢ ᠰᠢᠢᠳᠪᠦᠷᠢᠯᠡᠬᠦ ᠳᠤ ᠨᠡᠩ ᠰᠠᠶᠢᠨ ᠬᠦᠴᠦᠨ ᠨᠡᠮᠡᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠨᠡᠩ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠰᠠᠶᠢᠲᠤᠷ ᠬᠡᠷᠡᠭᠯᠡᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠪᠠ ᠬᠠᠷᠢᠯᠴᠠᠬᠤ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠤᠨ ᠣᠨᠴᠠᠯᠢᠭ ᠢᠶᠠᠨ ᠲᠣᠪᠤᠶᠢᠯᠭᠠᠨ᠂ ᠰᠤᠷᠤᠯᠴᠠᠯᠭ᠎ᠠ ᠪᠣᠯᠪᠠᠰᠤᠷᠠᠭᠤᠯᠤᠯ ᠪᠠ ᠠᠵᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠡᠶᠡᠴᠢ ᠴᠢᠳᠠᠮᠠᠭᠠᠢ ᠴᠢᠨᠠᠷ ᠢ ᠰᠠᠶᠢᠲᠤᠷ ᠪᠠᠳᠠᠷᠠᠭᠤᠯᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠳ᠋ᠦᠩᠨᠡᠨ ᠪᠣᠯᠪᠠᠰᠤᠷᠠᠭᠤᠯᠬᠤ ᠪᠠ ᠤᠬᠠᠭᠤᠯᠤᠨ ᠳᠡᠯᠭᠡᠷᠡᠭᠦᠯᠵᠦ ᠂ ᠲᠥᠯᠥᠭᠡᠯᠡᠭᠴᠢ ᠶᠢᠨ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠲᠠᠶᠢᠴᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ᠂ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠲᠠᠢ ᠤᠶᠠᠯᠳᠤᠭᠤᠯᠵᠤ᠂ ᠬᠠᠭᠤᠴᠢᠨ ᠠᠷᠭ᠎ᠠ ᠵᠠᠮ᠂ ᠬᠠᠭᠤᠴᠢᠨ ᠰᠡᠳᠬᠢᠴᠡ ᠪᠠᠨ ᠲᠡᠪᠴᠢᠵᠦ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠨᠠᠷᠢᠨ ᠬᠢᠨᠠᠮᠠᠭᠠᠢ ᠰᠤᠳᠤᠯᠵᠤ᠂ ᠰᠡᠳᠬᠢᠴᠡ ᠪᠠᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠲᠦᠭᠡᠯᠴᠢ ᠪᠠᠷ ᠠᠬᠢᠭᠤᠯᠤᠨ ᠰᠠᠶᠢᠲᠤᠷ ᠬᠢᠬᠦ ᠬᠡᠷᠡᠭᠲᠡᠢ ᠭᠡᠪᠡ᠃
 8e653192c564a9f9c2b44f99eb4c002.jpg  
    ᠦ᠋ ᠴᠢᠩ ᠴᠢᠩ ᠱᠠᠭᠠᠷᠳᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠩᠭᠤ ᠶᠢᠨ ᠬᠤᠷᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠠᠵᠢᠯ ᠢ ᠰᠠᠶᠢᠲᠤᠷ ᠬᠢᠵᠦ᠂ ᠠᠶᠢᠯ ᠲᠣᠰᠬᠤᠨ ᠢᠶᠠᠷ ᠶᠠᠪᠤᠵᠤ ᠡᠷᠤᠭᠡ ᠳᠤ ᠣᠷᠣᠵᠤ᠂ ᠤᠯᠠᠨ ᠲᠦᠮᠡᠨ ᠤ ᠪᠠᠴᠢᠮᠳᠠᠵᠦ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠠᠰᠠᠭᠤᠳᠠᠯ ᠢ ᠪᠣᠳᠣᠵᠤ᠂ ᠤᠯᠠᠨ ᠲᠦᠮᠡᠨ ᠤ ᠬᠦᠴᠢᠷᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠲᠥᠯᠥᠭᠡᠯᠡᠭᠴᠢᠳ ᠤᠨ ᠭᠡᠷ ᠪᠦᠯᠢ ᠪᠠ ᠲᠥᠯᠥᠭᠡᠯᠡᠭᠴᠢᠳ ᠤᠨ ᠬᠠᠷᠢᠯᠴᠠᠬᠤ ᠴᠡᠭ ᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨ ᠰᠢᠰᠲ᠋ᠧᠮ ᠲᠠᠢ ᠣᠨᠣᠯ ᠤᠨ ᠰᠤᠷᠤᠯᠴᠠᠯᠭ᠎ᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠭᠦᠨᠵᠡᠭᠡᠢ ᠦᠢᠯᠡᠳᠦᠯᠭᠡ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠰᠢᠢᠳᠪᠦᠷᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠥᠭᠵᠢᠯᠲᠡ ᠶᠢᠨ ᠪᠣᠳᠠᠲᠤ ᠪᠠᠶᠢᠳᠠᠯ ᠪᠠ ᠠᠷᠠᠳ ᠲᠦᠮᠡᠨ ᠤ ᠬᠦᠰᠡᠯ ᠰᠠᠨᠠᠭ᠎ᠠ ᠳᠤ ᠨᠠᠩ ᠢᠯᠡᠭᠦᠦ ᠨᠡᠶᠢᠴᠡᠭᠦᠯᠬᠦ ᠬᠡᠷᠡᠭᠲᠡᠢ︔ ᠪᠣᠳᠠᠲᠠᠢ ᠠᠵᠢᠯᠯᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ︔ ᠰᠠᠶᠢᠨ ᠰᠠᠶᠢᠬᠠᠨ ᠳᠦᠷᠢ ᠲᠥᠷᠬᠦ ᠶᠢ ᠱᠤᠭᠤᠵᠤ᠂ ᠡᠶ᠎ᠡ ᠵᠣᠬᠢᠴᠠᠯ ᠢᠶᠠᠷ ᠳᠦᠷᠢ ᠲᠥᠷᠬᠦ ᠶᠢ ᠱᠤᠭᠤᠬᠤ᠂ ᠳᠦᠷᠢᠮ ᠢᠶᠠᠷ ᠳᠦᠷᠢ ᠲᠥᠷᠬᠦ ᠶᠢ ᠪᠠᠲᠤᠯᠠᠬᠤ᠂ ᠠᠷᠢᠭᠤᠨ ᠴᠢᠬᠡᠴᠢ ᠪᠠᠷ ᠳᠦᠷᠢ ᠲᠥᠷᠬᠦ ᠶᠢ ᠰᠠᠬᠢᠬᠤ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠤᠷᠴᠠ ᠰᠡᠷᠭᠡᠭ ᠴᠢᠨᠠᠷ᠂ ᠡᠷᠡᠰ ᠪᠠᠲᠤ ᠴᠢᠨᠠᠷ ᠪᠠ ᠢᠯᠭᠠᠨ ᠲᠠᠨᠢᠬᠤ ᠴᠢᠳᠠᠪᠤᠷᠢ ᠶᠢ ᠢᠮᠠᠭᠲᠠ ᠪᠠᠷᠢᠮᠲᠠᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠥᠪᠡᠷ ᠢ ᠪᠠᠨ ᠰᠠᠶᠢᠲᠤᠷ ᠬᠠᠮᠢᠶᠠᠷᠬᠤ᠂ ᠳᠡᠷᠭᠡᠳᠡᠬᠢ ᠬᠥᠮᠥᠰ ᠢᠶᠠᠨ ᠰᠠᠶᠢᠲᠤᠷ ᠬᠠᠮᠢᠶᠠᠷᠬᠤ᠂ ᠺᠠᠳ᠋ᠷ ᠤᠨ ᠡᠩᠨᠡᠭᠡ ᠶᠢ ᠰᠠᠶᠢᠲᠤᠷ ᠬᠠᠮᠢᠶᠠᠷᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠦᠷᠭᠦᠯᠵᠢᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠭᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠪᠡ᠃
257e03365722b142a4008d133166d54.jpg
    ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠯᠦᠪᠸᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠬᠠᠷᠢᠭᠤᠴᠠᠯᠭᠠᠲᠠᠨ ᠠᠴᠠ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠦᠯᠦᠪᠯᠡᠭᠡ ᠪᠠᠨ ᠬᠠᠷᠢᠭᠤ ᠮᠡᠳᠡᠭᠦᠯᠪᠡ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠡᠯ᠎ᠡ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠠᠵᠢᠯ ᠤᠨ ᠠᠭᠤᠯᠭ᠎ᠠ ᠶᠢᠨ ᠲᠣᠭᠤᠷᠢᠨ ᠳᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠪᠣᠯᠣᠨ 2023 ᠣᠨ ᠤ ᠠᠵᠢᠯ ᠤᠨ ᠲᠥᠯᠥᠪᠯᠡᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠳᠡᠳ᠋ ᠡᠷᠬᠢᠯᠡᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠣᠯᠪᠠᠰᠣᠷᠠᠯ ᠰᠢᠨᠵᠢᠯᠡᠨ ᠪᠠᠶᠢᠴᠠᠭᠠᠬᠤ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠴᠤᠭᠯᠠᠭᠤᠯᠤᠨ ᠭᠦᠢᠴᠡᠳᠭᠡᠬᠦ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡ᠂ ᠬᠠᠮᠢᠶᠠᠷᠤᠯᠲᠠ ᠬᠢᠨᠠᠯᠲᠠ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃
ed7548adfa25d52570bf248b36b50c7.jpg
    ᠬᠤᠷᠠᠯ ᠠᠴᠠ ᠪᠠᠰᠠ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠪᠣᠯᠣᠨ ᠪᠠᠶᠢᠴᠠᠭᠠᠨ ᠰᠤᠳᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠲᠥᠰᠥᠯ︾ ᠢ ᠤᠩᠰᠢᠨ ᠪᠠᠲᠣᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号