ᠴᠢᠨᠳᠠᠮᠨᠤᠢ ᠰᠤᠮᠤ᠄ ᠭᠠᠵᠠᠷ ᠰᠢᠷᠣᠢ ᠶᠢᠨ ᠠᠰᠢᠭᠯᠠᠯᠲᠠ ᠶᠢ ᠠᠮᠢᠳᠤᠯᠢᠭ ᠪᠣᠯᠭᠠᠵᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠪᠠ
ᠨᠡᠶᠢᠲᠡᠯᠡᠭᠰᠡᠨ ᠴᠠᠭ᠄
2023/2/27
    ᠭᠠᠴᠠᠭ᠎ᠠ ᠲᠣᠰᠬᠤᠨ ᠤ ᠬᠠᠮᠲᠤ ᠶᠢᠨ ᠪᠡᠯᠡᠳᠬᠡᠯ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠡᠭᠦᠨ ᠤ ᠶᠡᠷᠦᠩᠬᠡᠶᠢᠯᠡᠨ ᠬᠡᠷᠡᠭᠯᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠡᠵᠡᠩᠨᠡᠯᠲᠡ ᠪᠠ ᠬᠠᠮᠢᠶᠠᠷᠤᠯᠲᠠ ᠶᠢ ᠠᠮᠢᠳᠤᠯᠢᠭ ᠪᠣᠯᠭᠠᠨ᠂ ᠭᠠᠵᠠᠷ ᠰᠢᠷᠣᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠣᠷᠢᠯᠭ᠎ᠠ ᠳᠤ ᠬᠦᠷᠦᠭᠦᠯᠬᠦ ᠶᠢᠨ ᠲᠤᠰᠠᠳᠠ᠂ ᠴᠢᠨᠳᠠᠮᠨᠤᠢ ᠰᠤᠮᠤ ᠪᠡᠯᠡᠳᠬᠡᠯ ᠭᠠᠵᠠᠷ ᠢ ᠳᠠᠭᠠᠭᠠᠴᠢᠯᠠᠭᠤᠯᠬᠤ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ  ᠰᠦᠪᠡᠭᠴᠢᠯᠡᠪᠡ᠃ ᠢᠳᠡᠪᠬᠢᠲᠡᠢ ᠪᠡᠯᠡᠳᠬᠡᠬᠦ ᠪᠠᠷ ᠳᠡᠮᠵᠢᠨ᠂ 2 ᠰᠠᠷ᠎ᠠ ᠶᠢᠨ 25 ᠤ ᠡᠳᠦᠷ᠂ ᠴᠢᠨᠳᠠᠮᠨᠤᠢ ᠰᠤᠮᠤ ᠶᠢᠨ ᠲᠠᠪᠤᠨᠭᠡᠷ ᠭᠠᠴᠠᠭ᠎ᠠ ᠪᠡᠯᠡᠳᠬᠡᠯ ᠭᠠᠵᠠᠷ ᠰᠢᠷᠣᠢ ᠪᠠᠨ ᠦᠨ᠎ᠡ ᠬᠠᠶᠠᠵᠤ ᠬᠤᠳᠠᠯᠳᠤᠬᠤ ᠬᠤᠷᠠᠯ ᠬᠢᠪᠡ᠃     ᠲᠣᠰ ᠤᠳᠠᠭᠠᠨ ᠤ ᠦᠨ᠎ᠡ ᠬᠠᠶᠠᠵᠤ ᠬᠤᠳᠠᠯᠳᠤᠬᠤ ᠴᠤᠭᠯᠠᠭᠠᠨ ᠳᠤ ᠨᠡᠶᠢᠲᠡ 1 ᠬᠡᠰᠡᠭ ᠪᠡᠯᠡᠳᠬᠡᠯ ᠭᠠᠵᠠᠷ ᠢ ᠦᠨ᠎ᠡ ᠬᠠᠶᠠᠵᠤ᠂ ᠲᠠᠯᠠᠪᠠᠶ ᠨᠢ 1243.43 ᠮᠦ᠂ ᠦᠨ᠎ᠡ ᠬᠠᠶᠠᠵᠤ ᠬᠤᠳᠠᠯᠳᠤᠬᠤ ᠡᠬᠢᠯᠡᠯᠲᠡ ᠶᠢᠨ ᠦᠨ᠎ᠡ ᠨᠢ ᠵᠢᠯ ᠪᠦᠷᠢ ᠮᠤ᠋ ᠪᠦᠷᠢ 600 ᠲᠥᠭᠦᠷᠢᠭ᠂ ᠬᠤᠭᠤᠴᠠᠭ᠎ᠠ ᠨᠢ ᠨᠢᠭᠡ ᠵᠢᠯ ᠪᠣᠯᠣᠨ᠎ᠠ᠃ ᠦᠨ᠎ᠡ ᠬᠠᠶᠠᠵᠤ ᠬᠤᠳᠠᠯᠳᠤᠬᠤ ᠴᠤᠭᠯᠠᠭᠠᠨ ᠢ ᠡᠷᠬᠡ ᠲᠡᠭᠰᠢ᠂ ᠲᠥᠪ ᠭᠤᠣᠯᠴᠢ᠂ ᠢᠯᠡ ᠪᠠᠶᠢᠯᠭᠠᠬᠤ ᠶᠢᠨ ᠲᠤᠰᠠᠳᠠ ᠲᠠᠪᠤᠨᠭᠡᠷ ᠭᠠᠴᠠᠭ᠎ᠠ ᠣᠯᠠᠨ ᠤᠳᠠᠭ᠎ᠠ ᠬᠠᠮᠲᠤ ᠶᠢᠨ ᠬᠤᠷᠠᠯ ᠬᠢᠵᠦ ᠰᠤᠳᠤᠯᠤᠭᠰᠠᠨ ᠪᠥᠭᠡᠳ ᠦᠨ᠎ᠡ ᠬᠠᠶᠠᠵᠤ ᠬᠤᠳᠠᠯᠳᠤᠬᠤ ᠲᠥᠰᠥᠯ ᠪᠣᠯᠣᠨ ᠠᠯᠬᠤᠮ ᠲᠠᠷᠠᠭ᠎ᠠ ᠶᠢ ᠵᠢᠷᠤᠮᠵᠢᠭᠤᠯᠤᠨ ᠬᠡᠷᠡᠭᠵᠢᠭᠦᠯᠵᠦ᠂ ᠰᠤᠮᠤ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠬᠠᠷᠢᠭᠤᠴᠠᠯᠭᠠᠲᠠᠨ ᠪᠦᠬᠦ ᠶᠠᠪᠤᠴᠠ ᠳᠤ ᠤᠷᠤᠯᠴᠠᠨ ᠵᠢᠭᠠᠨ ᠵᠢᠯᠤᠭᠤᠳᠴᠤ᠂ ᠨᠡᠶᠢᠲᠡ 5 ᠬᠥᠮᠥᠨ ᠦᠨ᠎ᠡ ᠬᠠᠶᠠᠵᠤ ᠬᠤᠳᠠᠯᠳᠤᠬᠤ ᠴᠤᠭᠯᠠᠭᠠᠨ ᠳᠤ ᠣᠷᠣᠯᠴᠠᠭᠰᠠᠨ ᠪᠠᠶᠢᠨ᠎ᠠ᠃ ᠡᠴᠦᠰ ᠲᠤ᠂ ᠦᠨ᠎ᠡ ᠬᠠᠶᠠᠯᠴᠠᠬᠤ ᠪᠠᠷ ᠲᠠᠮᠵᠢᠨ ᠲᠤᠰ ᠬᠡᠰᠡᠭ ᠭᠠᠵᠠᠷ ᠢ 670 ᠲᠥᠭᠦᠷᠢᠭ / ᠮᠦ / ᠵᠢᠯ ᠦᠨ᠎ᠡ ᠪᠠᠷ ᠠᠮᠵᠢᠯᠳᠠᠢ ᠬᠤᠳᠠᠯᠳᠤᠵᠦ᠂ ᠦᠨ᠎ᠡ ᠬᠠᠶᠠᠭᠰᠠᠨ ᠶᠡᠷᠦᠩᠬᠡᠢ ᠤᠷᠤᠯᠭ᠎ᠠ 833098.1 ᠲᠥᠭᠦᠷᠢᠭ ᠬᠦᠷᠴᠦ᠂ ᠥᠩᠭᠡᠷᠡᠭᠰᠡᠨ ᠵᠢᠯ ᠲᠠᠢ ᠠᠳᠠᠯᠢᠳᠬᠠᠪᠠᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 584412.1 ᠲᠥᠭᠦᠷᠢᠭ ᠨᠡᠮᠡᠭᠳᠡᠭᠦᠯᠪᠡ᠃      
微信图片_20230227094627.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号