| ᠨᠢᠭᠡ ᠳᠤ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ | ᠪᠠᠭ ᠤᠨ ᠭᠡᠰᠢᠭᠦᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠳᠤᠭᠤᠶᠢᠯᠠᠩ ᠲᠠᠰᠤᠭ ᠤᠨ | ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠣᠯ | ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ | ᠠᠳᠬᠤᠵᠤ᠂ ᠡᠯ᠎ᠡ ᠳᠤᠭᠤᠶᠢᠯᠠᠩ ᠲᠠᠰᠤᠭ ᠤᠨ ᠭᠡᠰᠢᠭᠦᠨ ᠬᠠᠮᠲᠤ ᠪᠠᠷ ᠣᠷᠣᠯᠴᠠᠵᠤ᠂ ᠵᠢᠴᠢ ᠪᠣᠳᠠᠲᠠᠢ | ᠠᠵᠢᠯᠲᠠᠨ ᠢᠶᠠᠨ ᠲᠣᠬᠢᠷᠠᠭᠤᠯᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠵᠤ᠂ ᠲᠤᠰᠢᠶᠠᠯ ᠬᠠᠷᠢᠭᠤᠴᠠᠯᠭ᠎ᠠ ᠨᠢ | ᠲᠣᠳᠣᠷᠬᠠᠢ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠪᠦᠷᠢᠯᠳᠦᠭᠦᠯᠵᠦ᠂ ᠪᠠᠶᠢᠭᠤᠯᠭ᠎ᠠ ᠶᠢᠨ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ | ᠠᠬᠢᠭᠤᠯᠪᠠ᠃ | ᠬᠤᠶᠠᠷ ᠲᠤ᠂ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠪᠠ᠃ ᠨᠢᠭᠡᠳᠦᠮᠡᠯ ᠹᠷᠣᠨᠲ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ | ᠰᠤᠷᠤᠯᠴᠠᠨ ᠤᠬᠠᠭᠤᠯᠬᠤ ᠪᠠᠷ ᠭᠤᠣᠯ ᠰᠢᠵᠢᠮ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠵᠡᠷᠭᠡ ᠶᠢ ᠤᠨᠤᠯ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ | ᠠᠭᠤᠯᠭ᠎ᠠ ᠪᠣᠯᠭᠠᠵᠤ᠂ ᠳᠠᠭᠠᠭᠤᠯᠤᠨ ᠶᠠᠷᠢᠬᠤ᠂ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠪᠦᠬᠦ ᠺᠠᠳ᠋ᠷ | ᠠᠵᠢᠯᠲᠠᠨ ᠳᠤ ᠵᠣᠷᠢᠭ ᠰᠠᠨᠠᠭ᠎ᠠ ᠶᠢ ᠨᠢ ᠲᠤᠭᠤᠷᠠᠲᠠᠯ᠎ᠠ ᠣᠶᠢᠯᠠᠭᠠᠭᠤᠯᠵᠤ᠂ ᠲᠦᠷᠦ ᠶᠢᠨ ᠪᠣᠳᠣᠯᠭ᠎ᠠ ᠶᠢ ᠡᠵᠡᠮᠰᠢᠭᠦᠯᠵᠦ | ᠂ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠪᠡ᠃ | ᠨᠡᠶᠢᠭᠡᠮ ᠳᠤ ᠬᠠᠨᠳᠤᠭᠤᠯᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠤᠬᠠᠭᠤᠯᠭ᠎ᠠ ᠬᠢᠵᠦ᠂ ᠵᠠᠷᠤᠳ ᠨᠡᠶᠢᠲᠡᠯᠡᠯ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠨ ᠥᠷᠭᠡᠨ ᠣᠯᠠᠨ ᠲᠦᠮᠡᠨ ᠳᠤ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ | ᠪᠣᠳᠣᠯᠭ᠎ᠠ ᠵᠢᠴᠢ ᠦᠨᠳᠦᠰᠦᠨ ᠬᠠᠤᠯᠢ᠂ ᠭᠠᠵᠢᠭᠤ ᠨᠣᠮᠯᠠᠯ ᠢ ᠰᠡᠷᠭᠡᠶᠢᠯᠡᠬᠦ ᠵᠡᠷᠭᠡ ᠲᠠᠯ᠎ᠠ ᠶᠢᠨ ᠮᠡᠳᠡᠯᠭᠡ ᠶᠢ | ᠤᠬᠠᠭᠤᠯᠵᠤ᠂ ᠣᠯᠠᠨ ᠲᠦᠮᠡᠨ ᠤ ᠦᠨᠳᠦᠰᠦᠲᠡᠨ ᠱᠠᠰᠢᠨ ᠰᠤᠷᠲᠠᠬᠤᠨ ᠤ ᠦᠵᠡᠯ ᠤᠬᠠᠮᠰᠠᠷ ᠪᠠ ᠬᠠᠤᠯᠢ | ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠳᠠᠶᠠᠭᠠᠷ ᠲᠤ ᠪᠦᠯᠬᠦᠮᠳᠡᠨ ᠨᠢᠭᠡᠳᠦᠭᠰᠡᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠭᠤᠷᠪᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠪᠡ᠃ ᠪᠦᠯᠬᠦᠮᠳᠡᠵᠦ ᠪᠣᠯᠬᠤ ᠬᠦᠴᠦᠨ | ᠪᠦᠬᠦᠨ ᠲᠠᠢ ᠪᠦᠯᠬᠦᠮᠳᠡᠵᠦ᠂ ᠲᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠪᠠ᠃ | ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠵᠣᠷᠢᠭᠲᠠᠢ ᠪᠠᠷ | ᠡᠭᠦᠷᠭᠡᠯᠡᠨ ᠠᠵᠢᠯ ᠬᠢᠵᠦ᠂ ᠶᠡᠭᠡ ᠲᠠᠯ᠎ᠠ ᠶᠢᠨ ᠦᠵᠡᠯ ᠤᠬᠠᠮᠰᠠᠷ ᠪᠠ ᠦᠢᠯᠡᠴᠢᠯᠡᠭᠡᠨ ᠤ ᠦᠵᠡᠯᠲᠡ ᠪᠠᠨ ᠤᠬᠠᠮᠰᠠᠷ | ᠠᠴᠠ ᠪᠠᠨ ᠴᠢᠩᠭᠠᠳᠬᠠᠵᠤ᠂ ᠣᠷᠣᠨ ᠲᠤᠭ᠎ᠠ ᠶᠢᠨ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ ᠪᠠ ᠰᠢᠨᠵᠢᠯᠡᠬᠦ | ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠣᠷᠣᠨ ᠲᠤᠭ᠎ᠠ ᠡᠩᠨᠡᠭᠡ ᠶᠢᠨ ᠦᠵᠡᠯ ᠰᠠᠨᠠᠭᠠᠨ ᠤ | ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ | ᠪᠦᠯᠬᠦᠮᠳᠡᠯ ᠲᠠᠢ ᠡᠶ᠎ᠡ ᠵᠣᠬᠢᠴᠠᠯ ᠲᠠᠢ ᠪᠠᠶᠢᠭᠤᠯᠤᠮᠵᠢ ᠣᠷᠣᠨ ᠲᠤᠭ᠎ᠠ ᠡᠩᠨᠡᠭᠡ ᠶᠢ ᠪᠠᠶᠢᠭᠤᠯᠪᠠ᠃ | | | |