ᠱᠤᠤ ᠶᠠᠨ ᠵᠢᠶᠦ᠋ᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠰᠢᠨᠵᠢᠯᠡᠭᠡ ᠮᠡᠷᠭᠡᠵᠢᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠵᠢᠶᠠᠩᠰᠤ ᠶᠢᠨ ᠬᠤᠪᠢᠶᠠᠷᠢ ᠺᠣᠮᠫᠠᠨᠢ ᠳᠤ ᠬᠦᠷᠴᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/2/3
      2 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠲᠡᠳ᠋ ᠳᠠᠷᠤᠭ᠎ᠠ ᠪᠠᠲᠤ᠂ ᠬᠤᠰᠢᠭᠤᠨ ᠤ ᠲᠡᠳ᠋ ᠳᠠᠷᠤᠭ᠎ᠠ ᠯᠢ ᠶᠦᠩ ᠬᠠᠢ ᠪᠦᠯᠬᠦᠮ ᠳᠠᠭᠠᠭᠤᠯᠤᠨ ᠵᠢᠶᠠᠩᠰᠤ ᠮᠤᠵᠢ ᠶᠢᠨ ᠨᠠᠨᠲ᠋ᠤᠩ ᠬᠤᠲᠠ ᠶᠢᠨ ᠳᠤᠮᠳᠠᠳᠤ ᠤᠯᠤᠰ ᠤᠨ ᠰᠢᠨᠵᠢᠯᠡᠭᠡ ᠮᠡᠷᠭᠡᠵᠢᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠵᠢᠶᠠᠩᠰᠤ ᠶᠢᠨ ᠬᠤᠪᠢᠶᠠᠷᠢ ᠺᠣᠮᠫᠠᠨᠢ ᠳᠤ ᠬᠦᠷᠴᠦ᠂ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠸᠠᠩ ᠰᠢᠶᠣᠣ ᠹᠧᠢ ᠲᠠᠢ ᠶᠠᠷᠢᠯᠴᠠᠨ ᠵᠥᠪᠳᠡᠯᠴᠡᠵᠦ᠂ ᠲᠣᠨᠣᠭᠯᠠᠯ ᠤᠨ ᠠᠵᠤ ᠦᠢᠯᠡᠰ ᠤᠨ ᠦᠢᠯᠡᠳᠬᠦ ᠲᠤᠭᠤᠷᠢᠭ ᠤᠨ ᠳᠦᠷᠦᠯ ᠵᠦᠢᠯ ᠢ ᠠᠬᠢᠭᠤᠯᠪᠠ᠃ ᠡᠭᠦᠨ ᠤ ᠬᠠᠮᠲᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠶᠠᠩᠰᠤ ᠶᠢᠨ ᠬᠤᠤ ᠺᠠᠢ ᠰᠾᠢ ᠳ᠋ᠢᠶᠠᠨ ᡂᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠲᠠᠢ ᠳᠤᠲᠠᠭᠤ ᠴᠠᠬᠢᠭᠤᠷ ᠤᠨ ᠢᠰᠦᠯ᠂ ᠨᠠᠲᠷᠢ ᠢᠶᠤᠨ ᠤ ᠳ᠋ᠢᠶᠠᠨ ᡂᠢ ᠶᠢᠨ ᠮᠠᠲ᠋ᠧᠷᠢᠶᠠᠯ ᠵᠡᠷᠭᠡ ᠲᠦᠷᠦᠯ ᠵᠦᠢᠯ ᠢ ᠵᠥᠪᠳᠡᠯᠴᠡᠨ ᠶᠠᠷᠢᠯᠴᠠᠵᠤ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃     
微信图片_20230203111048.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号