ᠵᠠᠷᠤᠳ ᠬᠤᠰᠢᠭᠤ᠄ ᠦᠨᠳᠦᠰᠦᠨ ᠱᠠᠲᠤᠨ ᠳᠤ ᠣᠭᠠᠭᠤᠯᠣᠨ ᠲᠠᠶᠢᠯᠪᠣᠷᠢᠯᠠᠯᠲᠠ ᠬᠢᠵᠦ ︽ᠰᠡᠳᠭᠢᠯ ᠢᠶᠠᠨ ᠬᠤᠯᠪᠣᠬᠤ ᠬᠥᠭᠦᠷᠭᠡ︾ ᠪᠣᠰᠬᠠᠪᠠ
ᠨᠡᠶᠢᠲᠡᠯᠡᠭᠰᠡᠨ ᠴᠠᠭ᠄
2023/2/3
    ᠤᠯᠠᠮᠵᠢᠯᠠᠯᠲᠤ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠬᠢᠬᠦ ᠨᠢ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠠᠮᠠᠷᠬᠠᠨ ᠰᠢᠩᠭᠡᠭᠡᠵᠦ ᠴᠢᠳᠠᠬᠤ ᠦᠭᠡᠢ ᠣᠳᠣᠬᠢ ᠪᠠᠶᠢᠳᠠᠯ ᠢ ᠬᠤᠪᠢᠷᠠᠭᠤᠯᠬᠤ ᠶᠢᠨ ᠲᠦᠯᠦᠭᠡ᠂ ᠵᠠᠷᠤᠳ ᠬᠤᠰᠢᠭᠤ ᠣᠨᠣᠯ ᠤᠨ ᠤᠬᠠᠭᠤᠯᠤᠨ ᠲᠠᠶᠢᠯᠪᠣᠷᠢᠯᠠᠯᠲᠠ ᠬᠢᠬᠦ ᠲᠠᠯ᠎ᠠ ᠰᠢᠨ᠎ᠡ ᠶᠢ ᠡᠭᠦᠳᠬᠦ ᠪᠠᠷ ᠭᠠᠷᠳᠠᠨ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ ᠤᠬᠠᠭᠤᠯᠤᠨ ᠲᠠᠶᠢᠯᠪᠣᠷᠢᠯᠠᠯᠲᠠ ᠶᠢ ᠴᠢᠬᠤᠯᠠ ᠬᠥᠮᠦᠵᠢᠯ ᠤᠨ ᠠᠴᠢᠶᠠᠯᠠᠪᠤᠷᠢ ᠪᠣᠯᠭᠠᠵᠤ᠂ ᠲᠤᠬᠠᠢ ᠶᠢᠨ ᠭᠠᠵᠠᠷ ᠤᠨ ᠴᠢᠳᠠᠪᠤᠷᠢᠲᠠᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠨᠤᠲᠤᠭ ᠤᠨ ᠠᠶᠠᠯᠭᠤ ᠪᠠᠷ ᠶᠣᠰᠣ ᠶᠠᠷᠢᠬᠤ ᠶᠢ ᠲᠠᠨ ᠤ ᠭᠡᠷ ᠲᠤ ᠬᠦᠷᠭᠡᠶ᠎ᠡ︾ ᠭᠡᠬᠦ ᠤᠯᠠᠨ ᠲᠦᠮᠡᠨ ᠤ ᠳᠣᠮᠳᠠᠬᠢ ᠨᠡᠷᠡᠲᠦ ᠬᠡᠯᠡᠮᠦᠷᠴᠢ ᠦᠨᠳᠦᠰᠦᠨ ᠱᠠᠲᠤᠨ ᠳᠤ ᠬᠦᠷᠴᠦ ᠤᠨᠤᠯ ᠢ ᠤᠬᠠᠭᠤᠯᠤᠨ ᠲᠠᠶᠢᠯᠪᠤᠷᠢᠯᠠᠬᠤ ᠲᠦᠷᠦᠯ ᠵᠦᠢᠯ ᠢ ᠡᠭᠦᠳᠴᠦ ᠂ ᠮᠠᠷᠺᠰ ᠤᠨ ᠦᠨᠳᠦᠰᠦᠨ ᠤᠨᠤᠯ ᠢ ᠤᠯᠠᠨ ᠲᠦᠮᠡᠨᠴᠢᠯᠡᠬᠦ᠂ ᠦᠢᠯᠡᠳᠦᠯᠴᠡᠬᠦ᠂ ᠣᠨᠴᠠᠯᠢᠭᠵᠢᠭᠤᠯᠣᠨ ᠲᠠᠶᠢᠯᠪᠤᠷᠢᠯᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠦᠵᠡᠯ ᠰᠠᠨᠠᠭ᠎ᠠ ᠤᠨᠤᠯ ᠤᠨ ᠠᠰᠠᠭᠤᠳᠠᠯ ᠢ ᠬᠠᠷᠢᠭᠤᠯᠵᠤ᠂ ᠤᠨᠤᠯ ᠤᠨ ᠮᠡᠳᠡᠯᠭᠡ ᠶᠢ ᠭᠡᠷ ᠤᠨ ᠡᠭᠦᠳᠡᠨ ᠳᠤᠨᠢ ᠬᠦᠷᠭᠡᠵᠦ᠂ ︽ᠰᠡᠳᠬᠢᠯ ᠬᠤᠯᠪᠣᠬᠤ ᠬᠥᠭᠦᠷᠭᠡ︾ ᠪᠣᠰᠬᠠᠪᠠ᠃    ᠡᠷᠳᠡᠮᠲᠡᠨ ᠴᠢᠳᠠᠪᠤᠷᠢᠲᠠᠨ ᠢ ᠴᠤᠭᠯᠠᠷᠠᠭᠤᠯᠵᠤ᠂ ᠰᠡᠳᠭᠢᠯ ᠬᠤᠯᠪᠣᠬᠤ ᠬᠥᠭᠦᠷᠭᠡ ᠶᠢᠨ ︽ᠲᠦᠷᠪᠡᠨ ᠨᠢᠷᠤᠭᠤ ᠨᠠᠢᠮᠠᠨ ᠲᠤᠯᠭᠠᠭᠤᠷᠢ︾  ᠶᠢ ᠴᠣᠭᠴᠠᠯᠠᠪᠠ᠃ ᠣᠨᠣᠯ ᠢ ᠵᠥᠪᠬᠡᠨ ᠣᠨᠣᠯ ᠤᠨ ᠲᠤᠰᠬᠠᠢ ᠮᠡᠷᠭᠡᠵᠢᠯᠲᠡᠨ ᠲᠠᠶᠢᠯᠪᠣᠷᠢᠯᠠᠵᠤ ᠳᠡᠶᠢᠯᠬᠦ ᠤᠯᠠᠮᠵᠢᠯᠠᠯᠲᠤ ᠦᠵᠡᠯ ᠰᠠᠨᠠᠭᠠᠨ ᠤ ᠬᠦᠯᠢᠶᠡᠰᠦᠯᠡᠯ ᠢ ᠡᠪᠳᠡᠬᠦ ᠶᠢᠨ ᠲᠥᠯᠥᠭᠡ᠂ ᠵᠠᠷᠤᠳ ᠬᠤᠰᠢᠭᠤᠨ ᠤ ᠬᠢᠨ ᠥᠷᠭᠡᠨ ᠤᠯᠠᠨ ᠲᠦᠮᠡᠨ ᠤ ᠳᠤᠷ᠎ᠠ ᠪᠠᠬ᠎ᠠ ᠱᠠᠭᠠᠷᠳᠠᠯᠭ᠎ᠠ ᠶᠢ ᠦᠨᠳᠦᠰᠦᠯᠡᠵᠦ᠂ ᠬᠦᠮᠦᠨ ᠬᠤᠪᠢᠶᠠᠨ ᠲᠦᠷᠦᠯ ᠬᠤᠪᠢᠶᠠᠨ ᠡᠯ᠎ᠡ ᠠᠵᠢᠯ ᠲᠦᠷᠦᠯ ᠤᠨ ᠬᠦᠷᠢᠶᠡᠨ ᠠᠴᠠ ᠴᠢᠳᠠᠪᠤᠷᠢᠲᠠᠨ ᠴᠤᠭᠯᠠᠭᠤᠯᠵᠤ᠂ ᠤᠨᠤᠯ ᠤᠬᠠᠭᠤᠯᠭ᠎ᠠ ᠶᠢᠨ ᠠᠵᠢᠯᠲᠠᠳ ᠢᠶᠠᠷ ᠭᠤᠣᠯ ᠪᠣᠯᠭᠠᠭᠰᠠᠨ᠂ ᠰᠢᠯᠢᠳᠡᠭ ᠨᠠᠮ ᠤᠨ ᠭᠡᠰᠢᠭᠦᠨ ᠺᠠᠳ᠋ᠷ᠂ ᠲᠡᠷᠢᠭᠦᠨ ᠤ ᠨᠡᠶᠢᠲᠡᠯᠢᠭ ᠵᠢᠱᠢᠶ᠎ᠡ᠂ ︽ᠲᠠᠪᠤᠨ ᠠᠬᠠᠮᠠᠳ︾ ᠬᠥᠮᠥᠰ᠂ ᠶᠣᠰᠣ ᠰᠤᠷᠲᠠᠬᠤᠨ ᠤ ᠵᠢᠱᠢᠶᠡᠴᠢ᠂ ᠠᠵᠢᠯ ᠲᠦᠷᠦᠯ ᠤᠨ ᠵᠢᠱᠢᠶᠡᠴᠢ᠂ ᠪᠠᠶᠠᠵᠢᠯ ᠤᠨ ᠴᠢᠳᠠᠪᠤᠷᠢᠲᠠᠨ᠂ ︽ᠡᠭᠡᠯ ᠵᠢᠷ ᠤᠨ ᠨᠡᠷᠡᠲᠦ ᠬᠡᠯᠡᠮᠦᠷᠴᠢ︾ ᠢᠶᠠᠷ ᠭᠤᠣᠯᠯᠠᠭᠴᠢ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠡᠩᠨᠡᠭᠡ ᠪᠠᠶᠢᠭᠤᠯᠵᠤ᠂ ᠪᠦᠬᠦ ᠲᠠᠯ᠎ᠠ ᠶᠢᠨ᠂ ᠪᠡᠶᠡᠴᠢ ᠴᠣᠭᠴᠠᠵᠢᠭᠤᠯᠤᠨ ᠵᠠᠰᠠᠨ ᠴᠢᠮᠡᠪᠡ᠃ ᠡᠭᠦᠨ ᠤ ᠬᠠᠮᠲᠤ᠂ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠯᠧᠺᠲ᠋ᠣᠷ᠂ ᠤᠬᠠᠭᠤᠯᠬᠤ ᠬᠡᠯᠲᠡᠰ ᠤᠨ ᠤᠳᠤᠷᠢᠳᠤᠯᠭ᠎ᠠ ᠶᠢ ᠤᠷᠢᠨ ᠬᠢᠴᠢᠶᠡᠯ ᠣᠷᠣᠭᠤᠯᠵᠤ᠂ ᠴᠠᠭ ᠲᠤᠬᠠᠢ ᠳᠤᠨᠢ ᠤᠬᠠᠭᠤᠯᠤᠨ ᠲᠠᠶᠢᠯᠪᠤᠷᠢᠯᠠᠬᠤ ᠰᠠᠭᠤᠳᠠᠯ ᠤᠨ ᠬᠤᠷᠠᠯ ᠬᠢᠵᠦ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠤᠤᠱᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠤᠬᠠᠭᠤᠯᠤᠨ ᠲᠠᠶᠢᠯᠪᠤᠷᠢᠯᠠᠬᠤ ᠶᠠᠰᠤ ᠴᠢᠨᠠᠷ ᠪᠠᠲᠤᠯᠠᠭ᠎ᠠ ᠲᠠᠢ ᠪᠠᠶᠢᠬᠤ ᠶᠢ ᠪᠠᠲᠤᠯᠠᠵᠤ᠂ ᠥᠩᠭᠡᠷᠡᠭᠰᠡᠨ ᠤ ︽ᠫᠠᠷᠲ᠋ᠢᠽᠠᠨ ᠳᠠᠶᠢᠨ ᠤ ᠤᠬᠠᠭᠤᠯᠤᠨ ᠲᠠᠶᠢᠯᠪᠤᠷᠢᠯᠠᠬᠤ︾ ᠪᠠᠶᠢᠭᠰᠠᠨ ᠠᠴᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ︽ᠵᠢᠭᠰᠠᠭᠠᠯᠳᠤ ᠳᠠᠶᠢᠨ ᠤ ᠤᠬᠠᠭᠤᠯᠤᠨ ᠲᠠᠶᠢᠯᠪᠤᠷᠢᠯᠠᠬᠤ︾ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷ ᠨᠠᠮ ᠤᠨ ᠬᠢᠴᠢᠶᠡᠯ ᠣᠷᠣᠬᠤ᠂ ᠲᠤᠰᠬᠠᠢ ᠮᠡᠷᠭᠡᠵᠢᠯᠲᠡᠨ ᠡᠷᠳᠡᠮᠲᠡᠨ ᠤᠨᠤᠯ ᠶᠠᠷᠢᠬᠤ᠂ ᠪᠡᠶᠡᠵᠢᠯ ᠤᠨ ᠴᠢᠳᠠᠪᠤᠷᠢᠲᠠᠨ ᠲᠦᠷᠦ ᠶᠢᠨ ᠪᠣᠳᠣᠯᠭ᠎ᠠ ᠶᠠᠷᠢᠬᠤ᠂ ᠲᠡᠷᠢᠭᠦᠨ ᠤ ᠨᠡᠶᠢᠲᠡᠯᠢᠭ ᠵᠢᠱᠢᠶᠡᠴᠢ ᠦᠢᠯᠡ ᠠᠵᠢᠯᠯᠠᠭ᠎ᠠ ᠪᠠᠨ ᠶᠠᠷᠢᠬᠤ᠂ ᠳᠡᠷᠭᠡᠳᠡᠬᠢ ᠤᠯᠠᠨ ᠲᠦᠮᠡᠨ ᠬᠤᠪᠢᠷᠠᠯᠲᠠ ᠶᠢ ᠶᠠᠷᠢᠬᠤ ᠤᠬᠠᠭᠤᠯᠤᠨ ᠲᠠᠶᠢᠯᠪᠤᠷᠢᠯᠠᠬᠤ ᠪᠠᠶᠢᠷᠢᠰᠢᠯ ᠢ ᠪᠦᠷᠢᠯᠳᠦᠭᠦᠯᠪᠡ᠃ ᠣᠳᠣᠬᠠᠨ ᠳᠤ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠨᠢᠭᠡᠨᠲᠡ 300 ᠬᠥᠮᠥᠨ ᠳᠠᠪᠠᠵᠤ᠂ ᠪᠥᠬᠦ ᠬᠤᠰᠢᠭᠤᠨ ᠤ 19 ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠳᠤ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡ ᠪᠦᠬᠦᠨ ᠢ ᠬᠠᠮᠤᠷᠬᠤ ᠶᠢ ᠪᠡᠶᠡᠯᠡᠭᠦᠯᠪᠡ᠃    ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠰᠡᠳᠬᠢᠯ ᠢᠶᠠᠨ ᠬᠤᠯᠪᠣᠭᠰᠠᠨ ᠬᠥᠭᠦᠷᠭᠡ ︽ᠬᠢᠵᠠᠭᠠᠯᠠᠰᠢ ᠦᠭᠡᠢ ᠥᠩᠭᠡ ᠦᠵᠡᠮᠵᠢ ᠲᠠᠢ︾ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠠᠴᠠ ᠡᠮᠦᠨ᠎ᠡ᠂ ᠳᠤᠮᠳᠠ᠂ ᠬᠤᠶᠢᠨ᠎ᠠ ᠶᠢᠨ ᠲᠤᠰ ᠪᠦᠷᠢ ᠦᠨᠳᠦᠰᠦᠨ ᠱᠠᠲᠤᠨ ᠤ ᠤᠬᠠᠭᠤᠯᠬᠤ ᠭᠡᠰᠢᠭᠦᠨ ︵ᠤᠬᠠᠭᠤᠯᠤᠭᠴᠢ︶ ᠲᠠᠢ ᠵᠣᠯᠭᠠᠭᠤᠯᠤᠨ ᠲᠤᠬᠠᠢ ᠶᠢᠨ ᠭᠠᠵᠠᠷ ᠤᠨ ᠪᠠᠶᠢᠳᠠᠯ ᠢ ᠣᠶᠢᠯᠠᠭᠠᠬᠤ᠂ ᠣᠯᠠᠨ ᠲᠦᠮᠡᠨ ᠲᠠᠢ ᠰᠠᠨᠠᠯ ᠢᠶᠠᠨ ᠰᠣᠯᠢᠯᠴᠠᠬᠤ᠂ ᠬᠠᠯᠠᠮ ᠤᠲᠠᠰᠤ ᠭᠠᠷᠭᠠᠵᠤ ᠰᠠᠨᠠᠯ ᠬᠤᠷᠢᠶᠠᠬᠤ ᠵᠡᠷᠭᠡ ᠠᠷᠭ᠎ᠠ  ᠪᠠᠷ ᠥᠷᠭᠡᠨ ᠣᠯᠠᠨ ᠲᠦᠮᠡᠨ ᠤ ᠬᠡᠷᠡᠭᠴᠡᠭᠡ  ᠶᠢ ᠣᠶᠢᠯᠠᠭᠠᠵᠤ᠂ ︽ᠣᠨᠣᠯ  ᠢ ᠶᠠᠷᠢᠬᠤ᠂ ᠲᠥᠷᠥ  ᠶᠢᠨ ᠪᠣᠳᠣᠯᠭ᠎ᠠ  ᠶᠢ ᠶᠠᠷᠢᠬᠤ᠂ ᠨᠠᠮ ᠤᠨ ᠲᠡᠦᠬᠡ  ᠶᠢ ᠶᠠᠷᠢᠬᠤ᠂ ᠠᠵᠤ ᠠᠬᠤᠢ  ᠶᠢ ᠶᠠᠷᠢᠬᠤ᠂ ᠠᠮᠢ ᠠᠬᠤᠢ  ᠶᠢ ᠶᠠᠷᠢᠬᠤ᠂ ᠶᠣᠰᠣ ᠮᠣᠷᠠᠯ  ᠢ ᠶᠠᠷᠢᠬᠤ᠂ ᠰᠣᠶᠣᠯ  ᠢ ᠶᠠᠷᠢᠬᠤ᠂ ᠰᠢᠨᠵᠢᠯᠡᠭᠡ ᠮᠡᠷᠭᠡᠵᠢᠯ  ᠢ  ᠶᠠᠷᠢᠬᠤ᠂ ᠬᠠᠤᠯᠢ ᠴᠠᠭᠠᠵᠠ  ᠶᠢ ᠶᠠᠷᠢᠬᠤ᠂ ᠠᠷᠢᠭᠤᠨ ᠴᠢᠬᠡᠴᠢ  ᠶᠢ ᠶᠠᠷᠢᠬᠤ︾ ᠵᠡᠷᠭᠡ ᠠᠷᠪᠠᠨ ᠶᠡᠭᠡ ᠭᠤᠣᠯ ᠰᠡᠳᠦᠪᠲᠦ ᠢᠵᠢ ᠦᠢᠯᠡᠴᠢᠯᠡᠭᠡ  ᠶᠢ ᠪᠦᠷᠢᠳᠬᠡᠵᠦ ᠡᠮᠬᠢᠳᠬᠡᠪᠡ᠃ ᠤᠯᠠᠨ ᠲᠦᠮᠡᠨ ᠥᠪᠡᠷ ᠤᠨ ᠬᠦᠰᠡᠯ ᠰᠠᠨᠠᠭ᠎ᠠ ᠪᠠᠷ ᠢᠶᠠᠨ ︽ᠵᠠᠬᠢᠶᠠᠯᠠᠭ᠎ᠠ︾ ᠬᠢᠵᠦ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠬᠠᠮᠢᠶᠠᠷᠤᠭᠴᠢ ᠠᠴᠠ ᠨᠡᠭᠦᠳᠡᠯ ᠤᠬᠠᠭᠤᠯᠤᠨ ᠲᠠᠶᠢᠯᠪᠤᠷᠢᠯᠠᠬᠤ ᠨᠡᠷᠡᠰ ᠤᠨ ᠪᠦᠷᠢᠳᠬᠡᠯ ᠠᠴᠠ ︽ᠵᠠᠬᠢᠶᠠᠯᠠᠭ᠎ᠠ︾ ᠲᠣᠮᠢᠯᠠᠨ᠂ ᠤᠯᠠᠨ ᠲᠦᠮᠡᠨ ᠤ ︽ᠳᠤᠷᠠᠰᠢᠯ︾  ᠢ ᠬᠠᠩᠭᠠᠬᠤ ᠶᠢᠨ ᠬᠠᠮᠲᠤ ᠠᠷᠪᠠᠨ ᠶᠡᠭᠡ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢᠨ ᠬᠠᠮᠣᠷᠠᠬᠤ ᠬᠡᠮᠵᠢᠶ᠎ᠡ ᠶᠢ ᠥᠷᠭᠡᠳᠬᠡᠵᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢᠨ ᠳᠠᠪᠬᠤᠷᠲᠠᠬᠤ ᠦᠭᠡᠢ ᠶᠢ ᠦᠨᠡᠨᠬᠦ ᠪᠠᠲᠣᠯᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠢᠨ ᠨᠢᠭᠡᠨᠲᠡ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠶᠢᠨ ᠲᠣᠭᠤᠷᠢᠨ ᠳᠤ ︽ᠨᠤᠲᠤᠭ ᠤᠨ ᠠᠶᠠᠯᠭᠤ ᠪᠠᠷ ᠶᠣᠰᠣ ᠶᠠᠷᠢᠬᠤ ᠶᠢ ᠲᠠᠨ ᠤ ᠭᠡᠷ ᠲᠤ ᠬᠦᠷᠬᠦ︾ ᠭᠤᠣᠯ ᠰᠡᠳᠣᠪᠲᠦ ᠣᠬᠠᠭᠤᠯᠣᠨ ᠲᠠᠶᠢᠯᠪᠣᠷᠢᠯᠠᠯᠲᠠ ᠶᠢᠨ ᠠᠵᠢᠯᠯᠠᠭ᠎ᠠ ᠶᠢ 500 ᠭᠠᠷᠤᠢ ᠤᠳᠠᠭ᠎ᠠ ᠬᠢᠵᠦ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢᠨ ᠠᠵᠢᠯ ᠤᠨ ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠲᠤᠰᠬᠠᠢ ᠪᠣᠯᠭᠠᠨ᠂  ᠣᠨᠴᠠᠭᠠᠢ ᠪᠠᠶᠢᠭᠰᠠᠨ ᠠᠴᠠ ᠨᠢ ᠪᠠᠶᠢᠩᠭᠤᠵᠢᠭᠤᠯᠬᠤ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃    ᠨᠤᠲᠤᠭ ᠤᠰᠤᠨ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ︽ᠰᠡᠳᠭᠢᠯ ᠢᠶᠠᠨ ᠬᠤᠯᠪᠣᠬᠤ ᠬᠦᠭᠦᠷᠭᠡ︾ ᠣᠯᠠᠨ ᠲᠦᠮᠡᠨ ᠲᠠᠢ ᠨᠡᠩ ᠣᠶᠢᠷᠠᠲᠣᠭᠤᠯᠪᠠ᠃ ︽ᠳᠡᠷᠭᠡᠳᠡᠬᠢ ᠬᠥᠮᠥᠨ + ᠨᠤᠲᠤᠭ ᠤᠨ ᠦᠭᠡ + ᠳᠡᠷᠭᠡᠳᠡᠬᠢ ᠶᠠᠪᠤᠳᠠᠯ︾ ᠤᠨ ᠰᠢᠨ᠎ᠡ ᠮᠠᠶ᠋ᠢᠭ ᠤᠨ ︽  ᠬᠠᠨ᠎ᠠ ᠰᠢᠪᠳᠣᠯᠬᠤ︾ ᠤᠬᠠᠭᠤᠯᠤᠨ ᠲᠠᠶᠢᠯᠪᠤᠷᠢᠯᠠᠬᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠦᠯᠢᠭᠡᠷ ᠢ ᠰᠡᠳᠬᠢᠯ ᠬᠦᠳᠡᠯᠦᠮ᠎ᠡ ᠶᠠᠷᠢᠪᠠᠯ᠂ ᠨᠡᠩ ᠣᠯᠠᠨ ᠰᠣᠨᠣᠰᠤᠭᠴᠢᠳ ᠢ ᠣᠯᠵᠤ᠂ ᠨᠡᠩ ᠶᠡᠭᠡ ᠨᠥᠯᠥᠭᠡ ᠭᠠᠷᠭᠠᠬᠤ ᠵᠠᠷᠴᠢᠮ ᠢ ᠪᠠᠷᠢᠮᠲᠠᠯᠠᠵᠤ᠂ ᠬᠠᠷᠠᠴᠠ ᠪᠠᠨ ᠠᠷᠠᠳ ᠤᠯᠠᠨ ᠤ ᠪᠡᠶ᠎ᠡ ᠳᠤ ᠬᠠᠨᠳᠤᠭᠤᠯᠵᠤ᠂ ᠪᠢᠷ ᠢᠶᠠᠨ ᠨᠤᠲᠤᠭ ᠤᠨ ᠦᠯᠢᠭᠡᠷ ᠲᠤ ᠬᠠᠨᠳᠤᠭᠤᠯᠵᠤ᠂ ︽ᠬᠤᠶᠠᠷ ᠢ ᠴᠣᠭᠴᠠᠯᠠᠨ ᠪᠠᠶᠢᠭᠤᠯᠬᠤ︾ ᠭᠤᠣᠯᠳᠠᠯᠭ᠎ᠠ ᠲᠠᠢ ᠢᠨᠵᠧᠨᠧᠷᠢᠩ ᠲᠠᠢ ᠤᠶᠠᠯᠳᠤᠭᠤᠯᠵᠤ᠂ ᠠᠯᠢ ᠤᠯᠠᠨ ᠤᠬᠠᠭᠤᠯᠤᠨ ᠲᠠᠶᠢᠯᠪᠤᠷᠢᠯᠠᠬᠤ ᠪᠣᠷᠣ ᠮᠠᠲ᠋ᠧᠷᠢᠶᠠᠯ ᠪᠤᠢ ᠪᠣᠯᠪᠠ ︱ ︽ᠠᠷᠪᠠᠨ ᠨᠠᠢᠮᠠᠨ ᠦᠷᠡᠭᠳᠡᠭᠰᠡᠨ ᠪᠠᠭᠠᠲᠤᠷ ᠤᠨ ᠰᠦᠭ ᠰᠦᠨᠡᠰᠦ ᠭᠠᠷᠤᠳᠢ ᠠᠭᠤᠯᠠ ᠳᠤ ᠪᠣᠢ︾᠂ ︽ᠲᠠᠯ᠎ᠠ ᠨᠤᠲᠤᠭ ᠤᠨ ᠲᠠᠷᠢᠬᠤ ᠮᠠᠰᠢᠨ  ᠫᠠᠵᠠᠢ ᠪᠠᠭᠰᠢ︾᠂ ︽ᠬᠤᠪᠢᠰᠬᠠᠯ ᠤᠨ ᠬᠤᠷᠢᠶᠠᠨ ᠬᠠᠳᠠᠭᠠᠯᠠᠭᠴᠢ ᠦᠯᠢᠭᠡᠷᠴᠢ ᠰᠦᠨ ᠨᠠᠰᠤᠲᠠᠨ︾᠂ ︽ᠪᠢᠴᠢᠬᠠᠨ ᠵᠢᠱᠢᠶᠡᠴᠢ ᠬᠠᠶᠢᠷ᠎ᠠ ᠬᠠᠮᠲᠤ ᠰᠤᠷᠤᠯᠭᠠᠲᠠᠨ︾  ᠵᠡᠷᠭᠡ ᠨᠢ ᠤᠯᠠᠨ ᠤ ᠪᠠᠭ᠋ᠠᠷᠬᠠᠯ ᠢ ᠲᠠᠲᠠᠭᠰᠠᠨ ᠦᠯᠢᠭᠡᠷ ᠤᠨ ᠰᠡᠳᠦᠪ ᠪᠣᠯᠪᠠ᠃ ᠪᠠᠭ᠎ᠠ ᠣᠷᠤᠭ᠎ᠠ᠂ ᠵᠢᠵᠢᠭ ᠰᠠᠵᠢᠭ ᠵᠦᠢᠯ ᠢᠶᠠᠷ ᠳᠠᠮᠵᠢᠨ᠂ ᠳᠤᠮᠳᠠᠳᠤ ᠤᠯᠤᠰ ᠤᠨ ᠵᠠᠮ᠂ ᠳᠤᠮᠳᠠᠳᠤ ᠤᠯᠤᠰ ᠤᠨ ᠤᠨᠤᠯ᠂ ᠳᠤᠮᠳᠠᠳᠤ ᠤᠯᠤᠰ ᠤᠨ ᠪᠠᠶᠢᠭᠤᠯᠤᠯ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ ᠢ ᠲᠡᠭᠦᠨ ᠤ ᠳᠣᠲᠣᠷ᠎ᠠ ᠪᠠᠭᠲᠠᠭᠠᠵᠤ᠂ ᠬᠥᠮᠥᠰ ᠤᠨ ᠪᠠᠭ᠋ᠠᠷᠤᠯ ᠢ ᠲᠠᠲᠠᠬᠤ ᠠᠷᠭ᠎ᠠ ᠮᠠᠶ᠋ᠢᠭ ᠢᠶᠠᠷ ᠬᠥᠮᠥᠰ ᠲᠤ ︽ᠶᠣᠰᠣ︾ ᠶᠢ ᠰᠡᠬᠡᠭᠡᠷᠡᠭᠦᠯᠵᠦ᠂ ᠠᠯᠬᠤᠮ ᠲᠠᠷᠠᠭ᠎ᠠ ᠲᠠᠢ ᠪᠠᠷ  ᠲᠠᠲᠠᠬᠤ ᠠᠷᠭ᠎ᠠ ᠮᠠᠶ᠋ᠢᠭ ᠢᠶᠠᠷ ᠬᠥᠮᠥᠰ ᠲᠤ ︽ᠶᠣᠰᠣ︾ ᠶᠢ ᠣᠶᠢᠯᠠᠭᠠᠭᠤᠯᠵᠤ᠂ ᠬᠥᠮᠥᠰ ᠢ ᠰᠡᠳᠬᠢᠯ ᠬᠠᠨᠲᠠᠯ᠎ᠠ ᠰᠣᠨᠣᠰᠴᠤ᠂  ᠰᠣᠨᠣᠰᠬᠤ ᠶᠢᠨ ᠳᠠᠭᠠᠣ ᠰᠡᠳᠬᠢᠵᠦ ᠂ ᠰᠣᠨᠣᠰᠪᠠᠯ ᠣᠯᠣᠯᠲᠠ ᠲᠠᠢ ᠪᠣᠯᠭᠠᠪᠠ᠃    ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠰᠡᠳᠬᠢᠯ ᠬᠤᠯᠪᠣᠬᠤ ᠬᠥᠭᠦᠷᠭᠡ ︽ᠰᠦᠭ ᠰᠦᠨᠡᠰᠦ ᠶᠢ ᠲᠥᠪᠯᠡᠷᠡᠭᠦᠯᠦᠨ ᠴᠢᠳᠠᠪᠤᠷᠢ ᠣᠯᠭᠤᠬᠤ︾ ᠪᠡᠶᠡᠯᠡᠭᠦᠯᠪᠡ᠃ ᠦᠨᠳᠦᠰᠦᠲᠡᠨ ᠤ ᠭᠠᠵᠠᠷ ᠣᠷᠣᠨ ᠤ ᠣᠨᠴᠠᠭᠠᠶ ᠳᠠᠪᠠᠭᠤᠯᠢᠭ ᠢ ᠭᠦᠢᠴᠡᠳ ᠠᠰᠢᠭᠯᠠᠵᠤ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ + ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ︾ ᠬᠤᠣᠰ ᠬᠡᠯᠡᠨ ᠤ ᠤᠬᠠᠭᠤᠯᠭ᠎ᠠ ᠶᠢ ᠭᠦᠨᠵᠡᠭᠡᠢ ᠠᠬᠢᠭᠤᠯᠵᠤ᠂ ᠰᠣᠶᠣᠯ ᠤᠨ ᠲᠠᠨᠢᠨ ᠮᠡᠳᠡᠷᠡᠬᠦᠢ ᠪᠠᠷ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠦᠯᠢᠭᠡᠷ ᠭᠡᠬᠦ ᠤᠯᠠᠮᠵᠢᠯᠠᠯᠲᠤ ᠥᠭᠦᠯᠡᠨ ᠳᠠᠭᠤᠯᠠᠬᠤ ᠣᠷᠠᠯᠢᠭ᠂  ᠬᠤᠯᠪᠣᠭ᠎ᠠ᠂ ᠬᠤᠷᠴᠢᠨ ᠠᠷᠠᠳ ᠤᠨ ᠳᠠᠭᠤᠤ ᠤᠷᠠᠯᠢᠭ ᠤᠨ ᠰᠢᠨ᠎ᠡ ᠶᠢ ᠡᠭᠦᠳᠬᠦ ᠶᠢ ᠣᠨᠣᠯ ᠤᠨ ᠤᠬᠠᠭᠤᠯᠤᠨ ᠲᠠᠶᠢᠯᠪᠤᠷᠢᠯᠠᠬᠤ ᠳᠤ ᠠᠭᠤᠰᠬᠠᠨ ᠣᠷᠣᠭᠤᠯᠵᠤ᠂ ︽︿ᠶᠣᠰᠣ﹀ ᠶᠢ ᠮᠣᠩᠭᠤᠯ ᠭᠡᠷ ᠲᠤ ᠬᠦᠷᠭᠡᠬᠦ︾ ︽ᠣᠨᠣᠯ ᠤᠨ ᠣᠪᠣᠭ᠎ᠠ ᠶᠢᠨ ᠴᠤᠭᠯᠠᠭᠠᠨ︾ ᠵᠡᠷᠭᠡ ᠬᠡᠯᠪᠡᠷᠢ ᠪᠠᠷ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠯᠦᠭᠡ ᠶᠢᠨ ᠬᠠᠷᠢᠴᠠᠭ᠎ᠠ ᠪᠠᠨ ᠣᠶᠢᠷᠠᠲᠤᠭᠤᠯᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠣᠨᠣᠯ ᠤᠨ ᠰᠢᠨ᠎ᠡ ᠶᠢ ᠡᠭᠦᠳᠬᠦ ︽ᠬᠤᠣᠰ ᠡᠯᠪᠡᠭ ᠬᠤᠷᠢᠶᠠᠯᠲᠠ︾ ᠶᠢᠨ ᠦᠷ᠎ᠡ ᠳ᠋ᠦᠩ ᠳᠤ ᠬᠦᠷᠭᠡᠪᠡ᠃ ᠡᠭᠦᠨ ᠤ ᠬᠠᠮᠲᠤ᠂ ᠣᠯᠠᠨ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ App᠂ ᠸᠢᠴᠠᠲ ᠬᠠᠷᠠᠭᠠᠨ ᠳᠠᠪᠲᠠᠮᠵᠢ ᠵᠡᠷᠭᠡ ᠲᠠᠪᠴᠠᠩ ᠢᠶᠠᠷ ᠳᠠᠮᠵᠢᠨ᠂ ︽ᠨᠤᠲᠤᠭ ᠤᠨ ᠠᠶᠠᠯᠭᠤ ᠪᠠᠷ ᠶᠣᠰᠣ ᠶᠠᠷᠢᠬᠤ ᠶᠢ ᠲᠠᠨ ᠤ ᠭᠡᠷ ᠲᠤ ᠬᠦᠷᠭᠡᠶ᠎ᠡ · ᠨᠠᠮ ᠤᠨ ᠬᠤᠷᠢᠳᠤᠭᠠᠷ ᠶᠡᠭᠡ ᠬᠤᠷᠠᠯ ᠢ ᠲᠠᠨ ᠳᠤ  ᠶᠠᠷᠢᠵᠤ ᠥᠭᠭᠦᠶ᠎ᠡ︾᠂ ︽ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠬᠡᠳᠦᠨᠲᠡ ᠤᠩᠰᠢᠶ᠎ᠠ︾ ᠭᠡᠬᠦ ᠮᠡᠲᠦ ᠶᠢᠨ ᠰᠦᠯᠵᠢᠶ᠎ᠡ ᠪᠠᠷ ᠳᠠᠮᠵᠢᠭᠤᠯᠬᠤ ᠳᠤ ᠲᠣᠬᠢᠷᠠᠬᠤ ︽ᠡᠭᠦᠯᠡ ᠵᠢᠭᠦᠷ︾ ᠤᠬᠠᠭᠤᠯᠤᠨ ᠲᠠᠶᠢᠯᠪᠤᠷᠢᠯᠠᠬᠤ ᠸᠢᠳᠢᠤ᠋ ᠶᠢ 50 ᠭᠠᠷᠤᠢ ᠬᠤᠭᠤᠴᠠᠭ᠎ᠠ ᠨᠠᠷᠢᠨ ᠨᠢᠮᠪᠠᠢ ᠵᠣᠬᠢᠶᠠᠨ ᠪᠦᠲᠦᠭᠡᠪᠡ᠃ ᠤᠯᠠᠮᠵᠢᠯᠠᠯᠲᠤ ᠰᠦᠯᠵᠢᠶᠡᠨ ᠭᠠᠳᠠᠨᠠᠬᠢ ᠤᠬᠠᠭᠤᠯᠤᠨ ᠲᠠᠶᠢᠯᠪᠤᠷᠢᠯᠠᠯᠲᠠ ᠬᠢᠵᠦ ᠪᠠᠶᠢᠭᠰᠠᠨ ᠦᠵᠡᠭᠳᠡᠯ ᠳᠤ ︽ᠡᠭᠦᠯᠡᠨ ᠵᠢᠭᠦᠷ︾ ᠤᠷᠭᠤᠭᠤᠯᠵᠤ᠂ ᠢᠨᠲ᠋ᠧᠷ ᠰᠦᠯᠵᠢᠶ᠎ᠡ ᠶᠢ ︽ᠬᠠᠮᠤᠭ ᠤᠨ ᠶᠡᠭᠡ ᠬᠤᠪᠢᠰᠬᠤ ᠬᠡᠮᠵᠢᠶ᠎ᠡ︾ ᠪᠠᠶᠢᠭᠰᠠᠨ ᠠᠴᠠ ︽ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ︾ ᠪᠣᠯᠭᠠᠨ ᠬᠤᠪᠢᠷᠠᠭᠤᠯᠵᠤ ︽ᠬᠠᠮᠤᠭ ᠤᠨ ᠶᠡᠭᠡ ᠡᠨᠧᠷᠭᠢ︾ ᠪᠣᠯᠭᠠᠨ ᠪᠦᠷᠢᠯᠳᠦᠭᠦᠯᠵᠦ᠂ ᠨᠠᠮ ᠤᠨ ᠲᠠᠭᠤᠨ ᠢ ︽ᠡᠭᠦᠯᠡᠨ ᠳᠡᠭᠡᠷᠡᠬᠢ ᠤᠬᠠᠭᠤᠯᠤᠨ ᠲᠠᠶᠢᠯᠪᠤᠷᠢᠯᠠᠯᠲᠠ︾ ᠬᠢᠬᠦ ᠳᠤᠮᠳᠠ ᠤᠷᠢᠬᠠᠨ ᠰᠠᠯᠬᠢ ᠥᠭᠭᠢᠶᠡᠮᠦᠷ ᠬᠤᠷ᠎ᠠ ᠪᠣᠯᠭᠠᠵᠤ᠂ ᠰᠢᠨ᠎ᠡ ᠶᠢ ᠡᠭᠦᠳᠬᠦ ᠣᠨᠣᠯ ᠢ ︽ᠡᠴᠦᠰ ᠤᠨ ᠨᠢᠭᠡ ᠺᠢᠯᠣᠮᠧᠲᠷ︾ ᠲᠤ ᠨᠡᠶᠢᠳᠡᠮ ᠳᠡᠯᠭᠡᠷᠡᠭᠦᠯᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号