| 2 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ | ᠭᠠᠭ᠋ᠠᠶᠢᠲᠤ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠵᠠᠩᠭᠢᠯᠠᠭ᠎ᠠ ᠶᠢᠨ ᠺᠠᠳ᠋ᠷ᠂ ᠡᠯ᠎ᠡ | ᠭᠠᠴᠠᠭᠠᠨ ᠤ ᠨᠠᠮ ᠤᠨ ᠡᠭᠦᠷ ᠤᠨ ᠱᠦᠵᠢ ᠶᠢ ᠳᠠᠭᠠᠭᠤᠯᠤᠨ ᠬᠤᠷᠴᠢᠨ ᠲᠣᠭᠤᠷᠢᠭ᠂ ᠨᠡᠬᠡᠬᠡᠨ ᠬᠦᠭᠵᠢᠭᠦᠯᠬᠦ | ᠲᠣᠭᠤᠷᠢᠭ ᠲᠤ ᠬᠦᠷᠴᠦ ᠲᠣᠭᠤᠷᠢᠨ ᠰᠤᠷᠤᠯᠴᠠᠪᠠ᠃ | | | ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠲᠣᠭᠤᠷᠢᠭ ᠤᠨ ᠮᠡᠯᠡᠬᠡᠶᠢᠲᠦ | ᠪᠠᠯᠭᠠᠰᠤᠨ ᠤ ᠲᠠᠩ ᠵᠢᠶᠠ ᠸᠧ ᠪᠦᠦ ᠶᠢᠨ ᠳ᠋ᠦᠩ ᠯᠠᠢ ᠲᠡᠵᠢᠭᠡᠪᠦᠷᠢ ᠶᠢᠨ ᠲᠠᠯᠠᠪᠠᠢ᠂ ᠨᠡᠭᠡᠭᠡᠨ ᠬᠥᠭᠵᠢᠭᠦᠯᠬᠦ | ᠣᠷᠣᠨ ᠤ ᠯᠢᠶᠣᠤ ᠾᠧ ᠪᠠᠯᠭᠠᠰᠤᠨ ᠤ ᠰᠢᠨ᠎ᠡ ᠬᠥᠳᠡᠭᠡ ᠲᠣᠰᠬᠤᠨ ᠤ ᠸᠠᠨ ᠯᠦᠩ ᠲᠡᠵᠢᠭᠡᠪᠦᠢ ᠶᠢᠨ ᠲᠠᠯᠠᠪᠠᠢ ᠳᠤ | ᠭᠦᠨᠵᠡᠭᠡᠶᠢᠷᠡᠵᠦ᠂ ᠠᠯᠠᠰᠢᠨ ᠦᠬᠡᠷ ᠤᠨ ᠶᠠᠰᠤ ᠴᠢᠨᠠᠷ᠂ ᠡᠭᠦᠯᠳᠡᠷ ᠰᠠᠶᠢᠵᠢᠷᠠᠭᠤᠯᠬᠤ ᠠᠷᠭ᠎ᠠ᠂ ᠮᠠᠯ ᠤᠨ ᠬᠢᠵᠢᠭ ᠢ | ᠰᠡᠷᠭᠡᠶᠢᠯᠡᠬᠦ᠂ ᠰᠢᠨ᠎ᠡ ᠬᠡᠯᠪᠡᠷᠢ ᠶᠢᠨ ᠲᠡᠵᠢᠭᠡᠬᠦ ᠵᠠᠭᠪᠤᠷ᠂ ᠦᠬᠡᠷ ᠪᠤᠷᠳᠣᠬᠤ ᠲᠡᠵᠢᠭᠡᠬᠦ ᠪᠠᠷᠢᠮᠵᠢᠶ᠎ᠠ ᠵᠡᠷᠭᠡ ᠦᠬᠡᠷ ᠤᠨ | ᠠᠵᠤ ᠦᠢᠯᠡᠰ ᠤᠨ ᠬᠠᠮᠢᠶ᠎ᠠ ᠪᠦᠬᠦᠢ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠭᠦᠨᠵᠡᠭᠡᠢ ᠰᠣᠯᠢᠯᠴᠠᠭ᠎ᠠ | ᠥᠷᠨᠢᠭᠦᠯᠵᠦ᠂ ᠪᠠᠶᠠᠵᠢᠬᠤ ᠳᠤ ᠤᠷᠢᠳᠠᠪᠠᠷ ︽ᠰᠠᠶᠢᠨ︾ ᠡᠭᠦᠯᠳᠡᠷ᠂ ︽ᠨᠠᠷᠢᠯᠢᠭ︾ ᠲᠡᠵᠢᠭᠡᠨ ᠠᠷᠠᠴᠢᠯᠠᠬᠤ᠂ ︽ | ᠴᠡᠪᠡᠷ︾ ᠦᠷ᠎ᠡ ᠠᠰᠢᠭ ᠤᠨ ᠲᠠᠯ᠎ᠠ ᠪᠠᠷ ᠬᠢ ᠰᠠᠶᠢᠨ ᠲᠤᠷᠰᠢᠯᠭ᠎ᠠ ᠶᠢ ᠰᠤᠷᠤᠯᠴᠠᠵᠤ᠂ ᠨᠤᠲᠤᠭ ᠲᠠᠭᠠᠨ ᠪᠤᠴᠠᠵᠤ | ᠪᠠᠶᠠᠵᠢᠬᠤ ᠰᠢᠨ᠎ᠡ ᠬᠥᠳᠡᠯᠭᠡᠭᠦ ᠬᠦᠴᠦᠨ ᠢ ᠨᠡᠮᠡᠭᠳᠡᠭᠦᠯᠪᠡ᠃ ᠲᠣᠭᠤᠷᠢᠨ ᠦᠵᠡᠬᠦ ᠳᠤᠭᠤᠶᠢᠯᠠᠩ ᠤᠨ ᠬᠢᠨ ᠪᠠᠰᠠ | ᠠᠯᠠᠰᠢᠨ ᠲᠠᠭᠲᠠᠭ᠎ᠠ᠂ ᠠᠯᠠᠰᠢᠨ ᠬᠤᠨᠢ ᠪᠣᠯᠣᠨ ᠠᠯᠠᠰᠢᠨ ᠡᠯᠵᠢᠭᠡ ᠶᠢᠨ ᠲᠡᠵᠢᠭᠡᠪᠦᠷᠢ ᠶᠢᠨ ᠬᠤᠷᠰᠢᠶ᠎ᠠ ᠶᠢ ᠲᠣᠭᠤᠷᠢᠨ | ᠦᠵᠡᠵᠦ᠂ ᠲᠡᠵᠢᠭᠡᠪᠦᠷᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠬᠦᠢ ᠶᠢ ᠪᠦᠬᠦ ᠲᠠᠯ᠎ᠠ ᠪᠠᠷ ᠥᠷᠭᠡᠳᠬᠡᠪᠡ | ᠃ | | | ᠲᠦᠩᠯᠢᠶᠣᠣ ᠶᠢᠨ ᠬᠠᠢ ᠲᠢᠶᠠᠨ ᠴᠢᠴᠠᠷᠭᠠᠨ᠎ᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ | ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠲᠤ᠂ ᠲᠥᠪᠯᠡᠷᠡᠨ ᠵᠠᠯᠭᠠᠯᠳᠤᠭᠰᠠᠨ ᠬᠢᠲᠠᠳ | ᠡᠮ ᠤᠨ ᠮᠠᠲ᠋ᠧᠷᠢᠶᠠᠯ᠂ ᠴᠢᠴᠠᠷᠭᠠᠨ᠎ᠠ ᠶᠢ ᠡᠳ᠋ᠰᠢᠭᠦᠯᠦᠭᠰᠡᠨ ᠦᠢᠯᠡᠳᠬᠦᠨ ᠨᠢ ᠲᠣᠭᠤᠷᠢᠨ ᠦᠵᠡᠬᠦ ᠳᠤᠭᠤᠶᠢᠯᠠᠩ | ᠬᠢᠨ ᠳᠤ ᠬᠢᠲᠠᠳ ᠡᠮ ᠤᠨ ᠮᠠᠲ᠋ᠧᠷᠢᠶᠠᠯ ᠤᠨ ᠰᠢᠨ᠎ᠡ ︽ ᠪᠠᠶᠠᠵᠢᠯ︾ ᠤᠨ ᠦᠵᠡᠮᠵᠢ ᠶᠢ ᠦᠵᠡᠭᠦᠯᠪᠡ᠃ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠣᠯᠠᠨ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠠᠵᠢᠯᠯᠠᠭᠠᠨ ᠤ | ᠵᠠᠭᠪᠤᠷ ᠠᠴᠠ ᠬᠥᠭᠵᠢᠯᠲᠡ ᠶᠢᠨ ᠲᠥᠯᠦᠪᠵᠢᠭᠦᠯᠭᠡ ᠬᠦᠷᠲᠡᠯᠡᠬᠢ ᠣᠯᠠᠨ ᠲᠠᠯ᠎ᠠ ᠶᠢ ᠭᠦᠨᠵᠡᠭᠡᠢ ᠰᠤᠷᠤᠯᠴᠠᠪᠠ᠃ | | |  ᠴᠢᠩ ᠾᠧ ᠪᠠᠯᠭᠠᠰᠤ᠂ ᠮᠡᠯᠡᠬᠡᠶᠢᠲᠥ ᠪᠠᠯᠭᠠᠰᠤ ᠪᠣᠯᠣᠨ ᠯᠢᠶᠣᠤ ᠾᠧ ᠪᠠᠯᠭᠠᠰᠤ ᠵᠡᠷᠭᠡ ᠭᠠᠵᠠᠷ ᠲᠤ᠂ | ᠲᠣᠭᠤᠷᠢᠨ ᠦᠵᠡᠬᠦ ᠳᠤᠭᠤᠶᠢᠯᠠᠩ ᠤᠨ ᠬᠢᠨ ᠪᠠᠰᠠ ᠰᠣᠩᠭᠢᠨ᠎ᠠ ᠲᠠᠷᠢᠬᠤ᠂ ᠴᠡᠴᠡᠷᠯᠢᠭ ᠤᠨ ᠰᠠᠭᠤᠷᠢᠨ ᠭᠠᠵᠠᠷ | ᠵᠡᠷᠭᠡ ᠶᠢ ᠲᠣᠭᠤᠷᠢᠨ ᠰᠤᠷᠤᠯᠴᠠᠵᠤ᠂ ᠲᠣᠰᠬᠤᠨ ᠤ ᠨᠠᠮ ᠤᠨ ᠡᠭᠦᠷ ᠤᠨ ᠱᠦᠵᠢ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠣᠰᠬᠤᠨ ᠤ ᠠᠷᠠᠳ ᠢ ᠳᠠᠭᠠᠭᠤᠯᠤᠨ ︽ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ︾᠂ | ︽ᠨᠣᠭᠤᠭ᠎ᠠ ᠵᠢᠮᠢᠰ ᠤᠨ ᠦᠢᠯᠡᠰ︾ ᠢ ᠬᠥᠭᠵᠢᠶᠡᠨᠲᠡᠢ ᠪᠣᠯᠭᠠᠭᠰᠠᠨ ᠪᠦᠲᠦᠮᠵᠢᠲᠡᠢ ᠠᠷᠭ᠎ᠠ ᠵᠠᠮ ᠢ ᠨᠠᠷᠢᠨ ᠬᠢᠨᠠᠮᠠᠭᠠᠢ | ᠰᠣᠨᠣᠰᠴᠤ᠂ ᠲᠤᠰ ᠲᠣᠰᠬᠤᠨ ᠤ ᠣᠨᠴᠠᠯᠢᠭ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ | ᠰᠡᠳᠬᠢᠴᠡ ᠪᠠᠨ ᠣᠶᠢᠯᠠᠭᠠᠵᠤ᠂ ᠬᠥᠭᠵᠢᠯᠲᠡ ᠶᠢ ᠡᠷᠢᠯᠬᠢᠯᠡᠪᠡ᠃ ᠬᠤᠷᠴᠢᠨ ᠲᠣᠭᠤᠷᠢᠭ ᠤᠨ ᠮᠡᠯᠡᠬᠡᠶᠢᠲᠥ | ᠪᠠᠯᠭᠠᠰᠤ ᠶᠢᠨ ᠭᠥᠩ ᠰᠾᠢ ᠲᠣᠰᠬᠤᠨ ᠳᠤ᠂ ᠭᠦᠩ ᠰᠾᠢ ᠲᠣᠰᠬᠤᠨ ᠤ ᠵᠠᠮ ᠨᠢ ᠴᠡᠪᠡᠷ ᠴᠡᠮᠴᠡᠭᠡᠷ᠂ ᠬᠦᠷᠢᠶ᠎ᠡ | ᠬᠠᠰᠢᠶ᠎ᠠ ᠨᠢ ᠳᠡᠷᠢ ᠲᠡᠭᠰᠢ ᠡᠮᠬᠢ ᠳᠢᠭᠯᠢᠮ ᠲᠠᠢ ᠵᠠᠰᠠᠯᠲᠠ ᠬᠢᠭᠰᠡᠨ ᠠᠷᠭ᠎ᠠ ᠵᠠᠮ ᠢ ᠨᠠᠷᠢᠨ ᠣᠶᠢᠯᠠᠭᠠᠵᠤ᠂ ᠪᠦᠬᠦ | ᠠᠷᠠᠳ ᠢᠶᠠᠷ ᠢᠶᠠᠨ ᠬᠤᠪᠢ ᠬᠤᠷᠠᠮᠳᠤᠭᠤᠯᠬᠤ᠂ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ᠂ ︽ᠲᠣᠣᠷ ᠢᠶᠠᠷ | ᠠᠰᠢᠭ ᠬᠤᠪᠢᠶᠠᠬᠤ︾ ᠬᠠᠮᠢᠶᠠᠷᠤᠯᠲᠠ ᠵᠡᠷᠭᠡ ᠵᠠᠭᠪᠤᠷ ᠨᠢ ᠲᠣᠭᠤᠷᠢᠨ ᠦᠵᠡᠬᠦ ᠳᠤᠭᠤᠶᠢᠯᠠᠩ ᠳᠤ ᠶᠡᠭᠡ ᠠᠰᠢᠭ | ᠬᠦᠷᠲᠡᠭᠡᠭᠰᠡᠨ ᠪᠠᠶᠢᠨ᠎ᠠ᠃ ᠠᠰᠠᠭᠤᠳᠠᠯ ᠳᠤ ᠴᠢᠭᠯᠡᠭᠦᠯᠦᠨ ᠦᠵᠡᠵᠦ᠂ ᠠᠰᠠᠭᠤᠳᠠᠯ ᠢ ᠪᠣᠳᠣᠯᠬᠢᠯᠠᠨ ᠰᠣᠨᠣᠰᠴᠤ᠂ | ᠣᠯᠠᠨ ᠤ ᠠᠶᠠᠨ ᠤ ᠴᠠᠭ ᠢ ᠳᠦᠭᠦᠷᠡᠩ ᠲᠣᠬᠢᠷᠠᠭᠤᠯᠵᠤ᠂ ᠦᠯᠡᠮᠵᠢ ᠶᠡᠭᠡ ᠣᠯᠣᠯᠲᠠ ᠲᠠᠢ ᠪᠣᠯᠭᠠᠪᠠ᠃ | | | ᠯᠢᠦ ᠰᠢ ᠯᠢᠨ ᠠᠬᠤᠢ ᠲᠠᠯᠠᠪᠠᠢ ᠳᠤ ᠲᠣᠭᠤᠷᠢᠨ ᠦᠵᠡᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠨᠡᠭᠡᠯᠢᠭᠵᠢᠯ ᠤᠨ ᠵᠠᠮ ᠢᠶᠠᠷ ᠰᠠᠶᠢᠲᠤᠷ ᠵᠠᠮᠨᠠᠬᠤ ᠳᠤ ᠡᠷᠬᠡᠪᠰᠢ ᠠᠵᠢᠯ ᠬᠢᠵᠦ ᠦᠢᠯᠡᠰ ᠪᠣᠰᠬᠠᠬᠤ᠂ | ᠡᠷᠡᠮᠡᠬᠡᠶᠢᠯᠡᠨ ᠣᠷᠣᠭᠰᠢᠯᠠᠬᠤ ᠵᠣᠷᠢᠭ ᠰᠠᠨᠠᠭ᠎ᠠ ᠲᠠᠢ ᠪᠠᠶᠢᠵᠤ᠂ ᠠᠷᠠᠳ ᠲᠦᠮᠡᠨ ᠳᠤ ᠦᠢᠯᠡᠴᠢᠯᠡᠬᠦ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠤᠯᠠᠨ ᠤ ᠵᠣᠯ ᠵᠢᠷᠭᠠᠯᠲᠤ ᠠᠵᠤ ᠦᠢᠯᠡᠰ ᠢ ᠪᠦᠬᠦ ᠰᠡᠳᠬᠢᠯ ᠢᠶᠠᠷ ᠢᠶᠠᠨ | ᠡᠷᠭᠦᠨ ᠳᠡᠪᠰᠢᠭᠦᠯᠬᠦ ᠬᠡᠷᠡᠭᠲᠡᠢ᠃ ︽ᠨᠢᠭᠡ ᠲᠣᠰᠬᠤᠨ ᠨᠢᠭᠡ ᠲᠦᠷᠦᠯ ᠵᠦᠢᠯ︾ ᠤᠨ ᠲᠦᠷᠦᠯ ᠲᠡᠮᠳᠡᠭ ᠢ ᠢᠯᠡ | ᠪᠣᠯᠭᠠᠵᠤ᠂ ᠪᠠᠯᠭᠠᠰᠤ ᠲᠣᠰᠬᠤᠨ ᠤ ᠰᠠᠭᠤᠷᠢ ᠲᠤᠭ᠎ᠠ ᠶᠢ ᠭᠦᠨᠵᠡᠭᠡᠢ ᠣᠶᠢᠯᠠᠭᠠᠵᠤ᠂ ᠲᠤᠰ ᠤᠳᠠᠭ᠎ᠠ ᠶᠢᠨ | ᠰᠤᠷᠤᠯᠴᠠᠵᠦ ᠲᠣᠭᠤᠷᠢᠨ ᠦᠵᠡᠬᠦ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠬᠥᠭᠵᠢᠯᠲᠡ ᠶᠢᠨ ᠶᠡᠭᠡ ᠲᠠᠯ᠎ᠠ ᠶᠢ | ᠲᠥᠯᠥᠪᠵᠢᠭᠦᠯᠦᠨ ᠰᠦᠪᠡᠭᠴᠢᠯᠡᠬᠦ ᠬᠡᠷᠡᠭᠲᠡᠢ᠃ ᠬᠤᠳᠠᠯᠳᠣᠭᠠᠴᠢᠨ ᠤᠷᠢᠵᠤ ᠪᠡᠯᠡ ᠲᠠᠲᠠᠬᠤ ᠶᠢ ᠶᠡᠬᠡᠪᠡᠷ ᠰᠠᠶᠢᠲᠤᠷ | ᠠᠳᠬᠤᠵᠤ᠂ ᠪᠦᠬᠦ ᠲᠠᠯ᠎ᠠ ᠪᠠᠷ ᠬᠦᠴᠦᠯᠡᠵᠦ᠂ ᠣᠨᠣᠴᠠᠲᠠᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ | ᠬᠤᠳᠠᠯᠳᠣᠭᠠᠴᠢᠨ ᠤᠷᠢᠬᠤ ᠲᠦᠷᠦᠯ ᠵᠦᠢᠯ ᠪᠣᠯᠣᠨ ᠠᠵᠤ ᠦᠢᠯᠡᠰ ᠤᠨ ᠪᠦᠲᠦᠴᠡ ᠳᠤ ᠰᠠᠭᠤᠷᠢᠯᠠᠵᠤ᠂ ᠭᠠᠭ᠋ᠠᠶᠢᠲᠤ | ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠭᠤᠨᠲᠠ ᠰᠣᠨᠣᠰᠬᠤ ᠨᠢ ᠨᠢᠭᠡ ᠤᠳᠠᠭ᠎ᠠ ᠦᠵᠡᠬᠦ ᠶᠢ ᠬᠦᠷᠬᠦ ᠦᠭᠡᠢ᠂ ᠦᠵᠡᠬᠦ ᠨᠢ ᠦᠢᠯᠡᠳᠦᠯᠭᠡᠵᠢᠭᠦᠯᠬᠦ ᠶᠢ | ᠬᠦᠷᠬᠦ ᠦᠭᠡᠢ᠃ ᠡᠨᠡ ᠤᠳᠠᠭᠠᠨ ᠤ ᠰᠤᠷᠤᠯᠴᠠᠯᠭ᠎ᠠ ᠪᠠᠷ ᠳᠡᠮᠵᠢᠨ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ | ᠥᠷᠭᠡᠳᠬᠡᠨ᠂ ᠬᠦᠷᠦᠯᠴᠡᠬᠦ ᠦᠭᠡᠢ ᠲᠠᠯ᠎ᠠ ᠪᠠᠨ ᠡᠷᠢᠵᠦ ᠣᠯᠪᠠ ᠭᠡᠵᠦ ᠭᠠᠭ᠋ᠠᠶᠢᠲᠤ ᠪᠠᠯᠭᠠᠰᠤᠨ ᠤ ᠭᠠᠴᠠᠭᠠᠨ ᠤ | ᠺᠠᠳ᠋ᠷᠴᠤᠳ ᠢᠯᠡᠷᠬᠡᠶᠢᠯᠡᠪᠡ᠃ ᠬᠠᠷᠢᠭᠰᠠᠨ ᠤ ᠳᠠᠷᠠᠭ᠎ᠠ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ | |