| | 2 ᠰᠠᠷ᠎ᠠ ᠶᠢᠨ 2 ᠤ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠭᠰᠠᠨ ᠵᠢᠴᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠ ᠣᠷᠤᠨ᠂ ᠬᠤᠲᠠ᠂ ᠬᠤᠰᠢᠭᠤᠨ ᠤ ︽ᠬᠤᠶᠠᠷ ᠬᠤᠷᠠᠯ︾ ᠵᠢᠴᠢ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | ︽ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠶᠠᠮᠠᠷ ᠪᠠᠶᠢᠨ᠎ᠠ︖︾ ︽ | ᠲᠦᠯᠬᠢᠨ ᠠᠬᠢᠭᠤᠯᠬᠤ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠤᠶ︖︾ ︽ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠶᠠᠮᠠᠷ ᠪᠠᠶᠢᠨ᠎ᠠ︖︾ ᠡᠳᠡᠭᠡᠷ ᠠᠰᠠᠭᠤᠳᠠᠯ ᠶᠢᠨ | ᠲᠣᠭᠤᠷᠢᠨ ᠳᠤ᠂ ᠪᠦᠦ ᠸᠧᠨ ᠯᠠᠨ ᠤᠷᠢᠳ ᠬᠤᠵᠢᠳ ᠴᠧᠩ ᠷᠦᠨ ᠡᠨᠧᠷᠭᠢ ᠶᠢᠨ ᠰᠢᠨᠵᠢᠯᠡᠭᠡ ᠮᠡᠷᠭᠡᠵᠢᠯ ᠤᠨ | ᠬᠠᠶᠠᠭᠳᠠᠮᠠᠯ ᠡᠷᠦᠳᠡᠰᠦ ᠶᠢᠨ ᠲᠣᠰᠣ ᠶᠢ ᠳᠠᠬᠢᠨ ᠠᠰᠢᠭᠯᠠᠬᠤ ᠲᠥᠷᠥᠯ ᠵᠦᠢᠯ᠂ ᠺᠠᠩ ᠨᠠᠢ ᠡᠯ ᠬᠢᠮᠢ ᠶᠢᠨ ᠠᠵᠤ | ᠦᠢᠯᠡᠳᠪᠦᠷᠢ ᠶᠢᠨ 30 ᠲᠦᠮᠡᠨ ᠲᠣᠨ ᠤ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠬᠢᠬᠦ ᠲᠥᠷᠥᠯ ᠵᠦᠢᠯ᠂ | ᠶᠤᠸᠠᠨ ᠹᠧᠩ ᠠᠮᠢᠳᠤ ᠪᠣᠳᠠᠰ ᠤᠨ ᠵᠢᠯ ᠳᠤ 1 ᠲᠦᠮᠡᠨ ᠲᠣᠨ ᠠᠭ᠎ᠠ ᠶᠢᠨ ᠠᠯᠳᠧᠭᠢᠳ᠋ ᠦᠢᠯᠡᠳᠪᠦᠷᠢᠯᠡᠬᠦ ᠲᠥᠷᠥᠯ | ᠵᠦᠢᠯ᠂ ᠱᠠᠨ ᠰᠢᠩ ᠬᠤᠸᠠ ᠢᠳᠡᠭᠡᠨ ᠤ ᠬᠢᠵᠠᠭᠠᠷᠲᠤ ᠺᠣᠮᠫᠠᠨᠢ ᠶᠢᠨ ᠬᠡᠭᠡᠷ᠎ᠡ ᠶᠢᠨ ᠭᠦᠢᠯᠡᠰᠦ ᠶᠢᠨ ᠶᠠᠰᠤ ᠶᠢ ᠨᠠᠷᠢᠯᠢᠭ | ᠪᠣᠯᠪᠠᠰᠤᠷᠠᠭᠤᠯᠬᠤ ᠲᠥᠷᠥᠯ ᠵᠦᠢᠯ᠂ ᠴᠢᠦ ᠹᠧᠩ ᠲᠠᠷᠢᠶᠠᠯᠠᠩ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ 3 ᠲᠦᠮᠡᠨ | ᠲᠣᠨ ᠬᠤᠯᠢᠮᠠᠭ ᠠᠮᠤ ᠪᠣᠯᠪᠠᠰᠤᠷᠠᠭᠤᠯᠬᠤ ᠲᠥᠷᠥᠯ ᠵᠦᠢᠯ᠂ ᠾᠦᠢ ᠴᠧᠩ ᠲᠠᠷᠢᠶᠠᠯᠠᠩ ᠮᠠᠯ ᠠᠵᠤ ᠠᠬᠤᠢ ᠶᠢᠨ | ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠡᠷᠳᠡᠨᠢ ᠰᠢᠰᠢ ᠪᠠ ᠬᠤᠯᠢᠮᠠᠭ ᠠᠮᠤ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠮᠠᠯᠴᠢᠨ ᠠᠶᠢᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠠᠰᠢᠨ ᠦᠬᠡᠷ ᠨᠢᠲᠤᠯᠬᠤ ᠵᠢᠴᠢ ᠨᠠᠷᠢᠯᠢᠭ ᠪᠣᠯᠪᠠᠰᠤᠷᠠᠭᠤᠯᠬᠤ | ᠲᠥᠷᠥᠯ ᠵᠦᠢᠯ ᠤᠨ ᠠᠬᠤᠢ ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ | ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ᠂ ᠦᠢᠯᠡᠳᠬᠦᠨ ᠤ ᠰᠤᠳᠤᠯᠤᠨ ᠨᠡᠭᠡᠭᠡᠯᠲᠡ᠂ ᠨᠠᠷᠠᠲᠤ ᠲᠥᠷᠥᠯ | ᠲᠡᠮᠳᠡᠭᠲᠦ ᠶᠢᠨ ᠴᠣᠭᠴᠠᠯᠠᠯᠲᠠ ᠵᠢᠴᠢ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠨᠠᠷᠢᠨ ᠣᠶᠢᠯᠠᠭᠠᠪᠠ᠃ | | | ᠪᠦᠦ ᠸᠧᠨ ᠯᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠠ ᠬᠦᠴᠦᠷᠬᠡᠭ ᠶᠡᠭᠡ ᠬᠥᠳᠡᠯᠭᠡᠭᠦᠷ ᠮᠥᠨ᠂ ᠵᠠᠷᠣᠳ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠲᠦᠷᠦᠯ ᠵᠦᠢᠯ ᠤᠨ | ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ ᠡᠷᠲᠡᠬᠡᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | | ᠪᠦᠦ ᠸᠧᠨ ᠯᠠᠨ ᠱᠠᠭᠠᠷᠳᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ | ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠵᠦ᠂ ᠬᠦᠴᠦ ᠪᠠᠨ ᠬᠠᠮᠲᠤᠳᠬᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠡᠮᠦᠨ᠎ᠡ ᠨᠢ ᠦᠢᠯᠡᠴᠢᠯᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠢᠳᠡᠪᠬᠢᠲᠡᠢ | ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ | ᠬᠡᠷᠡᠭᠲᠡᠢ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠭᠡᠬᠦ ᠡᠨᠡᠬᠦ | ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠨᠠᠭᠠᠲᠤ ᠵᠠᠬ᠎ᠠ ᠶᠢᠨ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠢ᠃ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠪᠦᠲᠦᠮᠵᠢᠲᠡᠶ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠶᠢᠨ | ᠡᠭᠦᠷᠭᠡ ᠪᠠᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠪᠡ᠃ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ | ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠯᠦᠪᠸᠢ ᠠᠵᠤ ᠦᠢᠯᠡᠰ ᠤᠨ ᠲᠣᠭᠤᠷᠢᠭ᠂ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠪᠠ᠃ | |