ᠥᠷᠭᠡᠨ ᠤᠯᠠᠨ ᠮᠠᠯᠴᠢᠨ ᠲᠠᠷᠢᠶᠠᠴᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠣᠯᠣᠨ | ᠪᠣᠯᠪᠠᠰᠤᠨ ᠢᠶᠠᠷ ᠶᠠᠪᠤᠵᠤ ᠰᠠᠭᠤᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 6 ᠤ | ᠡᠳᠦᠷ᠂ ᠲᠤᠯᠤᠳᠤ ᠰᠤᠮᠤ ᠪᠣᠯᠪᠠᠰᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ | ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠮ | ᠬᠠᠷᠢᠯᠴᠠᠭᠠᠨ ᠤ ᠪᠠᠭᠠᠵᠢ ᠰᠣᠩᠭᠤᠬᠤ᠂ ᠪᠤᠯᠪᠠᠰᠤᠨ ᠶᠠᠪᠤᠵᠤ ᠰᠠᠭᠤᠬᠤ ᠳᠠᠳᠬᠠᠯ ᠲᠠᠢ ᠪᠤᠯᠬᠤ ᠵᠡᠷᠭᠡ ᠲᠠᠯ᠎ᠠ ᠪᠠᠷ | ᠮᠠᠯᠴᠢᠨ ᠲᠠᠷᠢᠶᠠᠴᠢᠳ ᠲᠤ ᠡᠳᠦᠷ ᠲᠤᠲᠤᠮ ᠤᠨ ᠠᠮᠤᠷ ᠲᠦᠪᠰᠢᠨ ᠶᠠᠪᠤᠵᠤ ᠰᠠᠭᠤᠬᠤ ᠳᠤ ᠠᠩᠬᠠᠷᠬᠤ ᠴᠢᠬᠤᠯᠠᠲᠠᠢ | ᠵᠦᠢᠯᠡᠰ ᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ ᠲᠣᠭᠲᠠᠭᠠᠯ ᠵᠢᠴᠢ ᠡᠳᠦᠷ ᠲᠤᠲᠤᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠶᠠᠪᠤᠵᠤ | ᠰᠠᠭᠤᠬᠤ ᠮᠡᠳᠡᠯᠭᠡ ᠶᠢ ᠤᠬᠠᠮᠰᠠᠷ ᠠᠴᠠ ᠪᠠᠨ ᠵᠢᠷᠤᠮᠯᠠᠬᠤ ᠶᠢ ᠰᠠᠨᠠᠭᠠᠴᠢᠯᠠᠪᠠ᠃ | | | |