ᠵᠠᠷᠤᠳ ᠬᠤᠰᠢᠭᠤᠨ ᠤ ᠨᠠᠮ ᠤᠨ  ᠬᠤᠷᠢᠶᠠᠨ ᠤ  ᠠᠷᠪᠠᠨ  ᠭᠤᠷᠪᠠᠳᠤᠭᠠᠷ  ᠬᠤᠭᠤᠴᠠᠭᠠᠨ  ᠤ 48 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠢᠪᠡ
ᠨᠡᠶᠢᠲᠡᠯᠡᠭᠰᠡᠨ ᠴᠠᠭ᠄
2023/2/8
       2 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 48 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠪᠡ᠃ ᠪᠦᠦ ᠸᠧᠨ ᠯᠠᠨ᠂ ᠭᠦᠸᠧ ᠮᠢᠩ ᠴᠢᠶᠦ᠋ᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠦ᠋ ᠴᠢᠩ ᠬᠠᠢ᠂ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠰᠣᠷᠣᠯᠴᠠᠪᠠ᠃
ddbcfaa075faac801cc69c42d2f9436.jpg
   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠪᠠ︔ ᠪᠠᠰᠠ ᠤᠯᠤᠰ ᠪᠠ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ︽ᠤᠳᠤᠷᠢᠳᠬᠤ ᠺᠠᠳ᠋ᠷ ᠢ ᠲᠤᠰᠢᠶᠠᠯ ᠳᠤ ᠳᠡᠪᠰᠢᠭᠦᠯᠬᠦ ᠪᠤᠶᠤ ᠲᠤᠰᠢᠶᠠᠯ ᠠᠴᠠ ᠪᠠᠨ ᠣᠭᠴᠠᠷᠠᠭᠤᠯᠬᠤ ᠳᠥᠷᠢᠮ ᠢ ᠠᠬᠢᠭᠤᠯᠬᠤ︾︔ 2022 ᠣᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯᠲᠦ ᠠᠮᠢᠳᠤᠷᠠᠯ ᠤᠨ ᠬᠤᠷᠠᠯ ᠤᠨ ᠬᠠᠷᠢᠴᠠᠭᠤᠯᠤᠭᠰᠠᠨ ᠪᠠᠶᠢᠴᠠᠭᠠᠯᠲᠠ ᠬᠢᠭᠰᠡᠨ ᠮᠠᠲ᠋ᠧᠷᠢᠶᠠᠯ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃
450afbd3471e13c1cdb6769f09713d0.jpg
   ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠦᠵᠡᠯ ᠰᠠᠨᠠᠭ᠎ᠠ ᠨᠢ ᠭᠦᠨ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠪᠠ ᠦᠨᠳᠦᠰᠦᠨ ᠵᠢᠷᠤᠮᠯᠠᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠪᠳᠡᠷᠡᠳᠡᠯ᠎ᠠ ᠣᠶᠢᠯᠠᠭᠠᠵᠤ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠴᠢᠷᠮᠠᠶᠢᠨ ᠪᠡᠶᠡᠯᠡᠭᠦᠯᠵᠦ᠂ ᠡᠯ᠎ᠡ ᠵᠦᠢᠯ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠢᠶᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠬᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠨᠢᠭᠤᠭᠳᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠨᠠᠩ ᠨᠡᠪᠲᠡ ᠠᠵᠢᠭᠯᠠᠵᠤ᠂ ᠡᠯ᠎ᠡ ᠵᠦᠢᠯ ᠤᠨ ᠠᠵᠢᠯ ᠢᠶᠠᠨ ᠵᠥᠪ ᠣᠨᠣᠪᠴᠢᠲᠠᠶ ᠢᠯᠡᠳᠬᠡᠵᠦ᠂ ᠪᠣᠳᠠᠲᠠᠢ ᠶᠢ ᠡᠷᠬᠢᠮᠯᠡᠭᠰᠡᠨ᠂ ᠥᠨᠳᠥᠷ ᠪᠦᠲᠦᠮᠵᠢᠲᠡᠶ᠂ ᠵᠠᠷᠤᠳ ᠬᠤᠰᠢᠭᠤᠨ ᠤ ᠪᠠᠶᠢᠳᠠᠯ ᠳᠤ ᠨᠡᠶᠢᠴᠡᠭᠰᠡᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号