2 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨᠬᠢᠨ ᠰᠤᠷᠤᠯᠴᠠᠯᠭ᠎ᠠ ᠶᠢᠨ ᠬᠤᠷᠠᠯ ᠵᠢᠴᠢ 2022 ᠣᠨ ᠤ ᠠᠷᠠᠳᠴᠢᠯᠠᠯᠳᠤ ᠠᠮᠢᠳᠤᠷᠠᠯ ᠤᠨ | ᠬᠤᠷᠠᠯ ᠠᠴᠠ ᠡᠮᠤᠨᠡᠬᠢ ᠰᠤᠷᠤᠯᠴᠠᠬᠤ ᠰᠤᠳᠤᠯᠤᠨ ᠶᠠᠷᠢᠯᠴᠠᠬᠤ ᠬᠤᠷᠠᠯ ᠬᠢᠪᠡ᠃ ᠱᠣᠸ ᠶᠠᠨ ᠵᠢᠶᠦ᠋ᠨ᠂ ᠪᠦᠦ ᠸᠧᠨ | ᠯᠠᠨ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ︔ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ | ᠴᠢᠩ ᠬᠠᠢ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠬᠤᠷᠠᠯ ᠳᠤ ᠰᠤᠯᠠ | ᠣᠷᠣᠯᠴᠠᠪᠠ᠃ | | | | | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠲᠣᠰ ᠪᠦᠷᠢ ᠥᠪᠡᠷ ᠤᠨ ᠦᠵᠡᠯ | ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠪᠠ︔ | ᠪᠤᠰᠤᠳ ᠬᠥᠮᠥᠰ ᠪᠢᠴᠢᠭ ᠢᠶᠠᠷ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠰᠤᠷᠤᠯᠴᠠᠬᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠪᠤ ᠶᠢ ᠪᠠᠲᠤ ᠡᠵᠡᠮᠳᠡᠬᠦ︾ | ᠶᠢᠨ ᠠᠭᠤᠯᠤᠭᠳᠠᠬᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠴᠥᠬᠦᠷᠡᠰᠢ ᠦᠭᠡᠢ ᠰᠤᠷᠤᠯᠴᠠᠨ ᠣᠶᠢᠯᠠᠭᠠᠵᠤ᠂ ᠨᠡᠪᠳᠡᠷᠡᠳᠡᠯ᠎ᠡ ᠡᠵᠡᠮᠰᠢᠵᠦ᠂ ᠪᠣᠳᠠᠲᠠᠶᠢᠵᠢᠭᠤᠯᠵᠤ᠂ ᠨᠠᠮ ᠤᠨ | ᠤᠨᠤᠯ ᠤᠨ ᠰᠢᠨ᠎ᠡ ᠡᠭᠦᠳᠤᠯᠳᠡ ᠶᠢ ᠬᠦᠰᠡᠯᠡᠩ ᠢᠶᠠᠨ ᠪᠠᠳᠤᠳᠬᠠᠬᠤ᠂ ᠨᠠᠮᠴᠢ ᠴᠢᠨᠠᠷ ᠢᠶᠠᠨ ᠳᠠᠪᠲᠠᠨ | ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠤᠭᠤᠳᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ | ᠪᠣᠯᠭᠠᠨ ᠬᠤᠪᠢᠷᠠᠭᠤᠯᠬᠤ ᠬᠡᠷᠡᠭᠲᠡᠢ᠃ ᠲᠡᠮᠡᠴᠡᠯ ᠤᠨ ᠤᠬᠠᠮᠰᠠᠷ ᠢᠶᠠᠨ ᠴᠢᠩᠭᠠᠳᠬᠠᠵᠤ᠂ ᠤᠳᠤᠷᠢᠳᠬᠤ | ᠺᠠᠳ᠋ᠷᠴᠤᠳ ᠤᠨ ︽ᠵᠠᠩᠭᠢᠯᠠᠭ᠎ᠠ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠥᠴᠥᠬᠡᠨ ᠴᠦ ᠠᠭᠤᠴᠢᠯᠠᠬᠤ ᠦᠭᠡᠢ ᠣᠪᠣᠷ ᠢᠶᠠᠷ ᠢᠯᠵᠢᠷᠡᠯ ᠢ ᠴᠢᠩᠭ᠎ᠠ ᠰᠢᠳᠬᠡᠬᠦ ᠶᠢ | ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ | ᠦᠷᠭᠦᠯᠵᠢᠯᠡᠨ ᠪᠤᠢ ᠪᠣᠯᠭᠠᠵᠤ᠂ ᠺᠠᠳ᠋ᠷᠴᠤᠳ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠢᠶᠠᠨ ᠢᠯᠡᠷᠡᠭᠦᠯᠬᠦ᠂ | ᠰᠢᠨ᠎ᠡ ᠵᠢᠳᠬᠦᠯ ᠴᠢᠷᠮᠠᠶᠢᠯᠭ᠎ᠠ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠬᠤᠰᠢᠭᠤᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠦᠢᠯᠡᠴᠢᠯᠡᠭᠡᠨ ᠤ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠥᠷᠥᠯ ᠵᠦᠢᠯ ᠤᠨ ᠬᠠᠮᠢᠶ᠎ᠠ ᠪᠦᠬᠦᠢ ᠭᠠᠷᠳᠠᠮ | ᠭᠦᠢᠴᠡᠳᠬᠡᠬᠦ ᠶᠢ ᠲᠦᠷᠭᠡᠳᠬᠡᠨ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ | ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠠᠷᠭᠤᠭᠤᠯᠬᠤ ᠤᠬᠠᠮᠰᠠᠷ ᠢᠶᠠᠨ ᠴᠢᠩᠭᠠᠳᠬᠠᠵᠤ᠂ | ᠠᠷᠠᠳᠴᠢᠯᠠᠯᠳᠤ ᠠᠮᠢᠳᠤᠷᠠᠯ ᠤᠨ ᠬᠤᠷᠠᠯ ᠠᠴᠠ ᠡᠮᠦᠨ᠎ᠡ ᠪᠡᠯᠡᠳᠬᠡᠯ ᠢᠶᠠᠨ ᠭᠦᠢᠴᠡᠳ ᠰᠠᠶᠢᠲᠤᠷ ᠬᠢᠵᠦ᠂ ᠪᠠᠭ ᠤᠨ | ᠭᠡᠰᠢᠬᠦᠨ ᠨᠠᠷ ᠦᠵᠡᠯ ᠰᠠᠨᠠᠭ᠎ᠠ ᠲᠠᠨᠢᠯᠲᠠ ᠪᠠᠨ ᠲᠥᠪ ᠪᠣᠯᠭᠠᠵᠤ᠂ ᠬᠠᠷᠢᠯᠴᠠᠨ ᠰᠡᠳᠬᠢᠯ ᠤᠨ ᠦᠭᠡ ᠪᠠᠨ ᠬᠡᠯᠡᠯᠴᠡᠨ | ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠪᠡᠶ᠎ᠡ ᠪᠠᠷ ᠢᠶᠠᠨ ᠲᠤᠭᠤᠷᠪᠢᠵᠤ᠂ ᠴᠢᠨᠠᠷ | ᠴᠢᠨᠰᠠᠭ᠎ᠠ ᠲᠠᠢ ᠬᠦᠨᠴᠡ ᠲᠠᠢ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠭᠠᠷᠭᠠᠬᠤ ᠬᠡᠷᠡᠭᠲᠡᠢ︔ ᠬᠤᠷᠠᠯ ᠤᠨ | ᠳᠠᠷᠠᠭ᠎ᠠ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠠᠷᠠᠳᠴᠢᠯᠠᠯᠳᠤ | ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢ ᠪᠣᠳᠠᠲᠠᠶᠢᠵᠢᠭᠤᠯᠤᠨ ᠰᠠᠶᠢᠲᠤᠷ ᠬᠢᠵᠦ᠂ | ᠡᠭᠦᠨ ᠤ ᠤᠯᠠᠮ ᠢᠶᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠳᠠᠪᠰᠢᠯᠲᠠ ᠶᠢ ᠬᠦᠴᠦᠲᠡᠢ ᠠᠬᠢᠭᠤᠯᠵᠤ᠂ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠨᠠᠩ ᠰᠠᠶᠢᠲᠤᠷ ᠪᠦᠯᠬᠦᠮᠳᠡᠭᠦᠯᠦᠨ ᠳᠠᠭᠠᠭᠤᠯᠵᠤ᠂ ᠬᠦᠴᠦᠯᠡᠨ | ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ ᠭᠡᠵᠦ | ᠴᠢᠬᠤᠯᠠᠴᠢᠯᠠᠪᠠ᠃ | |