| 2 ᠰᠠᠷ᠎ᠠ ᠶᠢᠨ 8 ᠤ ᠡᠳᠦᠷ᠂ ᠪᠥᠬᠦ ᠬᠤᠰᠢᠭᠤᠨ ᠤ ᠰᠠᠯᠠᠭᠠᠨ ᠲᠠᠰ ᠤᠨ ᠺᠠᠳ᠋ᠷᠴᠤᠳ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠡᠭᠡᠯᠵᠢᠯᠡᠨ | ᠪᠣᠯᠪᠠᠰᠤᠷᠠᠭᠤᠯᠬᠤ ᠠᠩᠭᠢ ︵ᠨᠢᠭᠡᠳᠦᠭᠡᠷ ᠬᠤᠭᠤᠴᠠᠭ᠎ᠠ︶ ᠬᠤᠰᠢᠭᠤᠨ ᠤ ᠬᠠᠮᠲᠤᠷᠠᠯᠴᠠᠭ᠎ᠠ ᠰᠣᠯᠢᠯᠴᠠᠭᠠᠨ ᠤ | ᠲᠥᠪ ᠤᠨ ᠬᠤᠷᠠᠯ ᠤᠨ ᠲᠢᠩᠬᠢᠮ ᠳᠤ ᠰᠤᠷᠤᠯᠭ᠎ᠠ ᠡᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠠᠩᠭᠢ ᠡᠬᠢᠯᠡᠬᠦ ᠶᠣᠰᠣᠯᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠰᠤᠮᠤ ᠪᠠᠯᠭᠠᠰᠤ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ | 297 ᠰᠠᠯᠠᠭᠠᠨ ᠲᠠᠰ ᠤᠨ ᠺᠠᠳ᠋ᠷᠴᠣᠳ ᠪᠣᠯᠪᠠᠰᠤᠷᠠᠯ ᠳᠤ ᠣᠷᠣᠯᠴᠠᠪᠠ᠃ | | | | ᠰᠦᠸᠧ ᠮᠢᠩ ᠢᠦᠢ ᠵᠢᠭᠠᠪᠣᠷᠢᠯᠠᠭᠰᠠᠨ ᠨᠢ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠣᠯᠣᠨ ᠬᠦᠴᠦᠨ | ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ | ᠨᠢᠭᠲᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ | ᠤᠷᠤᠭᠰᠢᠯᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠪᠠ ᠪᠥᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ︽ᠳᠣᠯᠤᠭ᠎ᠠ ᠶᠢ ᠲᠠᠶᠠᠭᠳᠠᠬᠤ︾ | ᠶᠢ ᠪᠡᠶᠡᠯᠡᠭᠦᠯᠵᠦ᠂ ᠰᠡᠳᠬᠢᠬᠦᠢ ᠪᠠᠨ ᠬᠤᠪᠢᠷᠠᠭᠤᠯᠤᠨ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠲᠦᠯᠬᠢᠨ | ᠠᠬᠢᠭᠤᠯᠬᠤ ᠬᠡᠷᠡᠭᠲᠡᠢ᠃ ᠲᠡᠷᠡ ᠬᠡᠪ ᠢᠶᠠᠷ ᠨᠢ ᠨᠠᠷᠢᠨ ᠬᠢᠨᠠᠮᠠᠭᠠᠢ ᠰᠤᠷᠤᠯᠴᠠᠵᠤ᠂ ᠬᠡᠰᠡᠭ ᠪᠦᠯᠦᠭ ᠳᠠᠷᠠᠭᠠᠯᠠᠨ ᠦᠭᠡ | ᠥᠭᠦᠯᠡᠪᠦᠷᠢ ᠳᠠᠷᠠᠭᠠᠯᠠᠨ ᠨᠢᠭᠡ ᠯᠡ ᠰᠡᠳᠬᠢᠯ ᠢᠶᠠᠷ ᠰᠠᠶᠢᠲᠤᠷ ᠣᠶᠢᠯᠠᠭᠠᠵᠤ᠂ ᠤᠭ ᠤᠳᠬ᠎ᠠ ᠶᠢᠨ ᠤᠭ ᠶᠣᠰᠣ ᠶᠢ | ᠰᠡᠳᠬᠢᠯ ᠲᠠᠯᠪᠢᠨ ᠣᠶᠢᠯᠠᠭᠠᠵᠤ᠂ ᠰᠤᠷᠤᠯᠴᠠᠵᠤ ᠣᠶᠢᠯᠠᠭᠠᠬᠤ ᠲᠠᠯ᠎ᠠ ᠪᠠᠷ ᠲᠠᠷᠢᠬᠢ ᠲᠣᠯᠣᠭᠠᠢ ᠳᠠᠭᠠᠨ | ᠬᠠᠳᠠᠩᠰᠢᠭᠤᠯᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠳᠬᠢᠨ ᠰᠤᠷᠤᠯᠴᠠᠵᠤ᠂ ᠡᠨᠡ | ᠤᠳᠠᠭ᠎ᠠ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠣᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠬᠤᠰᠢᠭᠤᠨ ᠤ ᠠᠷᠪᠠᠨ ᠭᠤᠷᠪᠠᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠤᠪᠢ ᠬᠥᠮᠥᠨ ᠤ ᠰᠤᠷᠤᠯᠴᠠᠯᠭ᠎ᠠ ᠠᠵᠢᠯ ᠤᠨ ᠳᠤᠮᠳᠠ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠲᠠᠢ ᠤᠶᠠᠯᠳᠤᠭᠤᠯᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ | ᠭᠦᠨᠵᠡᠭᠡᠢ ᠪᠣᠳᠣᠯᠬᠢᠯᠠᠨ ᠰᠤᠷᠤᠯᠴᠠᠵᠤ᠂ ᠨᠢᠭᠡᠨᠲᠡ ᠪᠠᠶᠢᠭ᠎ᠠ ᠰᠡᠳᠬᠢᠬᠦᠢ ᠶᠢᠨ ᠬᠠᠨᠳᠤᠰᠢ᠂ ᠠᠵᠢᠯ ᠤᠨ ᠢᠨᠧᠷᠼᠢ ᠪᠠ | ᠠᠷᠭ᠎ᠠ ᠵᠠᠮ ᠤᠨ ᠲᠦᠰᠢᠭᠯᠡᠯ ᠠᠴᠠ ᠴᠢᠯᠦᠭᠡᠯᠡᠭᠳᠡᠵᠦ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠣᠷᠣᠰᠢᠵᠤ | ᠪᠠᠶᠢᠭ᠎ᠠ ᠴᠢᠬᠤᠯᠠ ᠶᠡᠭᠡ ᠠᠰᠠᠭᠤᠳᠠᠯ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ᠂ | ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠤᠯᠭᠠᠮ᠎ᠠ ᠠᠰᠠᠭᠤᠳᠠᠯ ᠤᠨ ᠲᠣᠭᠤᠷᠢᠨ ᠳᠤ ᠪᠥᠬᠦ | ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠵᠦ ᠣᠯᠬᠤ ᠬᠡᠷᠡᠭᠲᠡᠢ ᠭᠡᠪᠡ᠃ | | | ᠰᠦᠸᠧ ᠮᠢᠩ ᠢᠦᠢ ᠴᠢᠬᠤᠯᠠᠴᠢᠯᠠᠭᠰᠠᠨ ᠨᠢ᠂ ᠣᠪᠣᠷ ᠢᠶᠠᠨ ᠲᠥᠪ ᠪᠣᠯᠭᠠᠵᠤ᠂ ᠲᠣᠰ ᠤᠳᠠᠭᠠᠨ ᠤ | ᠰᠤᠷᠤᠯᠴᠠᠯᠭ᠎ᠠ ᠳᠤᠮᠳᠠ ᠠᠯᠢ ᠴᠢᠳᠠᠬᠤ ᠪᠠᠷ ᠴᠢᠳᠠᠪᠤᠷᠢ ᠪᠠᠨ ᠴᠢᠩᠭᠠᠷᠠᠭᠤᠯᠵᠤ᠂ ᠡᠨᠧᠷᠭᠢ ᠬᠤᠷᠠᠮᠳᠤᠭᠤᠯᠬᠤ ᠪᠠᠷ | ᠴᠢᠷᠮᠠᠶᠢᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠵᠤ᠂ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠵᠦ᠂ | ᠬᠢᠴᠢᠶᠡᠯ ᠤᠨ ᠲᠠᠩᠬᠢᠮ ᠤᠨ ᠡᠮᠬᠢ ᠳᠢᠭᠯᠢᠮ ᠢ ᠴᠢᠩᠭ᠎ᠠ ᠰᠠᠬᠢᠵᠤ᠂ ᠶᠠᠷᠢᠶᠠᠨ ᠤ ᠮᠠᠲ᠋ᠧᠷᠢᠶᠠᠯ ᠢᠶᠠᠨ ᠰᠠᠶᠢᠲᠤᠷ ᠪᠢᠴᠢᠵᠦ | ᠂ ᠣᠯᠣᠯᠲᠠ ᠲᠥᠷᠥᠭᠳᠡᠯ ᠲᠠᠢ ᠪᠣᠯᠵᠤ᠂ ᠴᠢᠩᠭ᠎ᠠ ᠰᠠᠬᠢᠯᠭ᠎ᠠ ᠪᠠᠲᠤ᠂ ᠴᠢᠩᠭ᠎ᠠ ᠰᠤᠷᠤᠯᠴᠠᠬᠤ ᠰᠤᠷᠲᠠᠯ ᠢᠶᠠᠷ | ᠡᠭᠡᠯᠵᠢᠯᠡᠨ ᠪᠣᠯᠪᠠᠰᠣᠷᠠᠭᠤᠯᠣᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠥᠪᠡᠷ ᠤᠨ | ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠣᠨᠣᠰᠬᠤ ᠶᠢᠨ ᠳᠠᠭᠠᠤ ᠰᠡᠳᠬᠢᠵᠦ᠂ | ᠰᠤᠷᠤᠯᠴᠠᠬᠤ ᠶᠢᠨ ᠳᠠᠭᠠᠤ ᠰᠡᠳᠬᠢᠵᠦ᠂ ᠣᠳᠣᠬᠠᠨ ᠤ ᠪᠠᠶᠢᠳᠠᠯ ᠳᠣᠣᠷ᠎ᠠ ᠪᠦᠬᠦ ᠬᠤᠰᠢᠭᠤᠨ ᠤ ᠡᠯ᠎ᠡ ᠵᠦᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ ᠨᠠᠷᠢᠨ ᠬᠢᠨᠠᠮᠠᠭᠠᠢ ᠪᠣᠳᠣᠯᠬᠢᠯᠠᠵᠤ᠂ | ᠬᠡᠷᠬᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠶᠢ ᠠᠬᠢᠭᠤᠯᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ | ᠬᠡᠷᠬᠢᠨ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠪᠣᠯᠣᠨ ᠲᠦᠪᠰᠢᠨ ᠤ ᠲᠠᠯ᠎ᠠ ᠪᠠᠷ ᠳᠡᠭᠡᠭᠰᠢᠯᠡᠯᠲᠡ ᠲᠠᠢ ᠪᠣᠯᠭᠠᠵᠤ᠂ ᠬᠦᠰᠡᠯᠡᠩ ᠢᠲᠡᠭᠡᠯ | ᠪᠢᠰᠢᠷᠡᠯ ᠢᠶᠠᠨ ᠲᠠᠰᠤᠷᠠᠯᠳᠡ ᠦᠭᠡᠢ ᠪᠠᠲᠤᠳᠬᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ | ᠴᠠᠭᠠᠷᠠᠭᠰᠠᠨ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ | ᠳᠤᠮᠳᠠ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ ᠭᠡᠪᠡ᠃ | ᠰᠦᠸᠧ ᠮᠢᠩ ᠢᠦᠢ ᠱᠠᠭᠠᠷᠳᠠᠭᠰᠠᠨ ᠨᠢ᠂ ᠪᠦᠬᠦ ᠰᠤᠷᠤᠭᠴᠢᠳ ᠰᠢᠷᠭᠠᠭᠤ ᠰᠤᠷᠤᠯᠴᠠᠨ ᠬᠠᠲᠠᠭᠤᠵᠢᠯᠲᠠᠢ | ᠪᠣᠯᠪᠠᠰᠤᠷᠠᠵᠤ᠂ ᠰᠡᠳᠬᠢᠯ ᠰᠢᠭᠤᠳᠤᠨ ᠰᠤᠷᠤᠯᠴᠠᠵᠤ᠂ ᠰᠡᠳᠬᠢᠯ ᠲᠠᠶᠢᠪᠤᠭᠤ ᠰᠡᠳᠬᠢᠵᠦ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠰᠤᠷᠤᠯᠴᠠᠯᠭ᠎ᠠ ᠳᠤ ᠣᠷᠣᠯᠴᠠᠵᠤ᠂ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠬᠡᠵᠢᠶᠡᠳᠡ ᠨᠢᠭᠡ ᠯᠡ ᠠᠳᠠᠯᠢ ᠪᠠᠶᠢᠬᠤ ᠡᠰᠡᠬᠦ᠂ ᠳᠠᠷᠤᠤ ᠪᠣᠯᠭᠤᠮᠵᠢᠲᠠᠢ ᠪᠠᠶᠢᠬᠤ᠂ ᠲᠡᠰᠪᠦᠷᠢ ᠬᠠᠲᠠᠭᠤᠵᠢᠯᠲᠠᠢ | ᠲᠡᠮᠡᠴᠡᠬᠦ ᠣᠪᠣᠷ ᠢᠶᠠᠨ ᠴᠠᠭ ᠢᠮᠠᠭᠲᠠ ᠪᠠᠷᠢᠮᠲᠠᠯᠠᠵᠤ ᠪᠠᠶᠢᠬᠤ ᠡᠰᠡᠬᠦ᠂ ᠲᠡᠮᠡᠴᠡᠯ ᠤᠨ ᠵᠣᠷᠢᠭ ᠰᠠᠨᠠᠭ᠎ᠠ ᠪᠦᠷᠢᠨ | ᠪᠠᠶᠢᠬᠤ ᠡᠰᠡᠬᠦ ᠶᠢ ᠪᠣᠳᠣᠯᠬᠢᠯᠠᠬᠤ ᠬᠡᠷᠡᠭᠲᠡᠢ︔ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠳᠤ ᠴᠢᠭᠯᠡᠭᠦᠯᠦᠨ | ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ᠂ ᠪᠥᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠲᠠᠢ ᠬᠠᠷᠢᠴᠠᠭᠤᠯᠵᠤ᠂ ᠤᠷᠢᠳᠴᠢᠯᠠᠨ | ᠲᠣᠭᠲᠠᠭᠠᠭᠰᠠᠨ ᠬᠠᠷᠠᠯᠲᠠ ᠪᠠᠨ ᠬᠡᠷᠬᠢᠨ ᠪᠡᠶᠡᠯᠡᠭᠦᠯᠬᠦ ᠲᠣᠬᠠᠢ ᠪᠠᠶᠢᠴᠠᠭᠠᠨ ᠳᠡᠯᠭᠡᠵᠦ᠂ ᠰᠤᠷᠤᠯᠴᠠᠵᠤ ᠰᠣᠯᠢᠯᠴᠠᠬᠤ | ᠶᠠᠪᠤᠴᠠ ᠶᠢ ᠬᠠᠷᠢᠯᠴᠠᠨ ᠳᠡᠭᠡᠭᠰᠢᠯᠡᠭᠦᠯᠬᠦ ᠶᠠᠪᠤᠴᠠ ᠪᠣᠯᠭᠠᠨ ᠬᠤᠪᠢᠷᠠᠭᠤᠯᠬᠤ ᠬᠡᠷᠡᠭᠲᠡᠢ᠃ ᠳᠠᠷᠤᠯᠲᠠ ᠪᠠᠨ ᠬᠦᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠳᠬᠤᠵᠤ ᠪᠣᠳᠠᠲᠠᠢ | ᠠᠵᠢᠯᠯᠠᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠳᠠᠬᠢᠨ ᠡᠮᠬᠢᠯᠡᠵᠦ᠂ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠣᠨᠴᠠᠭᠠᠶᠢᠯᠠᠨ | ᠰᠢᠢᠳᠪᠦᠷᠢᠯᠡᠬᠦ ᠳᠤ ᠪᠡᠷᠬᠡᠲᠡᠢ ᠵᠠᠷᠢᠮ ᠪᠡᠷᠬᠡ ᠰᠡᠳᠦᠪ ᠢ ᠰᠢᠢᠳᠪᠦᠷᠢᠯᠡᠬᠦ ᠳᠤ᠂ ᠥᠭᠡᠷ᠎ᠡ ᠨᠢᠭᠡ ᠬᠠᠷᠠᠭᠠᠰᠤ ᠠᠴᠠ | ᠪᠣᠳᠣᠯᠬᠢᠯᠠᠵᠤ᠂ ᠥᠭᠡᠷ᠎ᠡ ᠨᠢᠭᠡ ᠠᠷᠭ᠎ᠠ ᠵᠠᠮ ᠢᠶᠠᠷ ᠰᠦᠪᠡᠭᠴᠢᠯᠡᠵᠦ᠂ ᠥᠭᠡᠷ᠎ᠡ ᠨᠢᠭᠡ ᠰᠡᠳᠬᠢᠴᠡ ᠪᠠᠷ | ᠰᠢᠢᠳᠪᠦᠷᠢᠯᠡᠵᠦ᠂ ᠰᠢᠨ᠎ᠡ ᠶᠢ ᠡᠭᠦᠳᠬᠦ ᠠᠷᠭ᠎ᠠ ᠶᠢ ᠡᠷᠢᠯᠬᠢᠯᠡᠨ᠂ ᠰᠢᠨ᠎ᠡ ᠶᠢ ᠡᠭᠦᠳᠬᠦ ᠵᠠᠮ ᠢ ᠨᠡᠭᠡᠭᠡᠵᠦ᠂ | ᠰᠢᠭᠦᠮᠵᠢᠯᠡᠯ ᠤᠨ ᠵᠣᠷᠢᠭ ᠰᠠᠨᠠᠭ᠎ᠠ᠂ ᠨᠡᠭᠡᠭᠡᠯᠲᠡ ᠶᠢᠨ ᠵᠣᠷᠢᠭ ᠰᠠᠨᠠᠭ᠎ᠠ ᠶᠢ ᠪᠣᠶ ᠪᠣᠯᠭᠠᠵᠤ᠂ ᠠᠵᠢᠯ ᠢᠶᠠᠨ | ᠪᠦᠲᠦᠭᠡᠯᠴᠢ ᠪᠠᠷ ᠥᠷᠨᠢᠭᠦᠯᠵᠦ᠂ ᠵᠠᠷᠤᠳ ᠬᠤᠰᠢᠭᠤᠨ ᠤ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ | ᠵᠠᠮ ᠳᠡᠭᠡᠷ᠎ᠡ ᠰᠠᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃ | | | | | ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠬᠤᠭᠤᠴᠠᠭ᠎ᠠ ᠵᠢᠷᠭᠤᠭᠠᠨ ᠡᠳᠦᠷ ᠬᠡᠷᠡᠭᠰᠡᠵᠦ᠂ ᠬᠤᠶᠠᠷ | ᠬᠤᠭᠤᠴᠠᠭ᠎ᠠ ᠬᠤᠪᠢᠶᠠᠵᠤ ᠶᠠᠪᠤᠭᠳᠠᠭᠤᠯᠤᠨ᠎ᠠ᠃ ᠲᠣᠰ ᠬᠤᠭᠤᠴᠠᠭᠠᠨ ᠤ ᠪᠣᠯᠪᠠᠰᠤᠷᠠᠯ ᠤᠨ ᠬᠤᠭᠤᠴᠠᠭ᠎ᠠ ᠭᠤᠷᠪᠠᠨ | ᠡᠳᠦᠷ ᠶᠠᠪᠤᠭᠳᠠᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠪᠠ ᠰᠤᠳᠤᠯᠤᠨ | ᠶᠠᠷᠢᠯᠴᠠᠵᠤ ᠰᠤᠷᠤᠯᠴᠠᠬᠤ ᠳᠤᠭᠤᠶᠢᠯᠠᠩ ᠬᠤᠪᠢᠶᠠᠬᠤ ᠠᠷᠭ᠎ᠠ ᠬᠡᠯᠪᠡᠷᠢ ᠶᠢ ᠠᠪᠴᠤ᠂ ᠡᠯ᠎ᠡ ᠰᠤᠮᠤ ᠪᠠᠯᠭᠠᠰᠤ ᠲᠠᠯᠠᠪᠠᠶ᠂ | ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠰᠠᠯᠠᠭᠠᠨ ᠤ ᠲᠠᠰ ᠤᠨ ᠺᠠᠳ᠋ᠷᠴᠤᠳ ᠢ ᠵᠣᠬᠢᠶᠠᠨ ᠪᠠᠶᠢᠭᠤᠯᠤᠨ | ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠠᠷᠤᠳ ᠬᠤᠰᠢᠭᠤᠨ ᠳᠤ ᠪᠣᠲᠠᠲᠠᠢ | ᠲᠣᠣᠱᠯᠠᠭᠤᠯᠤᠨ ᠨᠠᠶᠢᠲᠠᠪᠣᠷᠢᠵᠢᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃ | |