ᠵᠠᠷᠤᠳ ᠬᠤᠰᠢᠭᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠪᠴᠢ ᠪᠠᠨ ᠴᠢᠩᠭᠠᠯᠠᠵᠤ ᠰᠤᠷᠤᠯᠭ᠎ᠠ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠣᠯᠠᠵᠤ ᠪᠤᠢ
ᠨᠡᠶᠢᠲᠡᠯᠡᠭᠰᠡᠨ ᠴᠠᠭ᠄
2023/2/9
         ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠲᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠰᠤᠷᠭᠠᠭᠤᠯᠢ ᠡᠬᠢᠯᠡᠬᠦ ᠠᠴᠠ ᠡᠮᠦᠨ᠎ᠡ ᠠᠮᠤᠷ ᠢ ᠬᠠᠮᠠᠭᠠᠯᠠᠬᠤ ᠶᠡᠭᠡ ᠠᠩᠭᠢ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ ᠪᠥᠬᠦ ᠲᠠᠯ᠎ᠠ ᠪᠠᠷ ᠳᠠᠯᠲᠠ ᠭᠡᠮ ᠤᠨ ᠪᠠᠶᠢᠴᠠᠭᠠᠯᠲᠠ ᠬᠢᠵᠦ᠂ ︽ᠬᠤᠶᠠᠷ ᠢ   ᠪᠦᠷᠬᠦᠭᠦᠯᠬᠦ︾ ᠶᠢ ᠦᠨᠡᠨᠬᠦ ᠪᠡᠶᠡᠯᠡᠭᠦᠯᠪᠡ᠂ ᠲᠣᠬᠠᠶᠢᠯᠠᠪᠠᠯ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠳᠠᠯᠲᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠦᠷᠬᠦᠭᠦᠯᠵᠦ᠂ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠲᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠪᠦᠷᠬᠦᠭᠦᠯᠪᠡ᠃ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ᠂ ᠭᠠᠯ ᠤᠨᠲᠠᠷᠠᠭᠠᠬᠤ ᠪᠠᠶᠢᠭᠤᠯᠤᠯᠲᠠ ᠪᠣᠯᠣᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠳᠠᠯᠳᠠ ᠬᠡᠮ ᠠᠰᠠᠭᠤᠳᠠᠯ ᠢ 40 ᠭᠠᠷᠤᠢ ᠢᠯᠡᠷᠡᠭᠦᠯᠵᠦ᠂ ᠵᠦᠢᠯ ᠳᠠᠷᠠᠭᠠᠯᠠᠨ ︽ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠮᠡᠳᠡᠭᠳᠡᠯ ᠤᠨ ᠪᠢᠴᠢᠭ︾ ᠪᠠᠭᠤᠯᠭᠠᠵᠤ᠂ ᠠᠳᠠᠯᠢ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠴᠠ ᠡᠮᠦᠨ᠎ᠡ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠡᠭᠦᠨ ᠤ ᠬᠠᠮᠲᠤ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠰᠠᠭᠤᠭ᠎ᠠ ᠠᠮᠤᠷ ᠢ ᠬᠠᠮᠠᠭᠠᠯᠠᠭᠴᠢ ᠶᠢᠨ ᠪᠣᠯᠪᠠᠰᠤᠷᠠᠭᠤᠯᠤᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠠᠮᠤᠷ ᠢ ᠬᠠᠮᠠᠭᠠᠯᠠᠭᠴᠢ ᠶᠢᠨ ᠵᠢᠷᠤᠮᠵᠢᠭᠤᠨ᠂ ᠬᠢᠨᠠᠮᠠᠭᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠠᠲᠤᠯᠠᠪᠠ᠃    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠳᠥᠷᠪᠡᠨ 100%︾ ᠬᠦᠷᠭᠡᠬᠦ ᠠᠵᠢᠯ ᠤᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ᠂ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ ᠲᠣᠣᠷ ᠲᠠᠲᠠᠬᠤ ᠮᠠᠶ᠋ᠢᠭ ᠤᠨ ᠶᠡᠭᠡ ᠪᠠᠶᠢᠴᠠᠭᠠᠯᠲᠠ ᠥᠷᠨᠢᠭᠦᠯᠵᠦ᠂ ᠭᠤᠣᠯᠳᠠᠭᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ  ᠪᠠᠷ ᠡᠮᠬᠢᠯᠡᠨ ᠪᠠᠶᠢᠴᠠᠭᠠᠵᠤ᠂ ᠴᠠᠭᠳᠠᠭᠠᠨ ᠤ ᠪᠣᠷᠣᠣᠬᠠᠢ᠂ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠭᠦᠷ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠨᠢ ᠪᠦᠷᠢᠨ ᠪᠦᠲᠦᠨ᠂ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠡᠰᠡᠬᠦ ᠠᠰᠠᠭᠤᠳᠠᠯ ᠪᠠ ᠪᠠᠭᠤᠷᠠᠢ ᠭᠤᠭᠴᠤᠭ᠎ᠠ ᠳᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨ᠎ᠡ᠂ ᠰᠤᠷᠭᠠᠭᠤᠯᠢ ᠶᠢᠨ ᠬᠦᠷᠢᠶᠡᠨ ᠤ ᠲᠤᠰᠬᠠᠢ ᠲᠤᠰᠢᠶᠠᠯᠲᠤ ᠠᠮᠤᠷ ᠢ ᠬᠠᠮᠠᠭᠠᠯᠠᠭᠴᠢ ᠲᠣᠬᠢᠷᠠᠭᠤᠯᠬᠤ᠂ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠤᠯᠪᠣᠬᠤ᠂ ᠨᠢᠭᠡ ᠲᠣᠪᠴᠢ ᠪᠠᠷ ᠲᠦᠭᠰᠢᠭᠦᠷᠢ ᠮᠡᠳᠡᠭᠦᠯᠬᠦ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠤᠯᠪᠣᠬᠤ᠂ ᠰᠤᠷᠣᠭᠴᠢ ᠶᠢᠨ ᠵᠠᠮ ᠬᠠᠷᠢᠯᠴᠠᠭ᠎ᠠ ᠶᠢᠨ ᠠᠮᠤᠷ ᠲᠥᠪᠰᠢᠨ ᠢ ᠬᠠᠮᠠᠭᠠᠯᠠᠬᠤ ᠠᠵᠢᠯ ᠤᠨ ᠪᠠᠶᠢᠷᠢ ᠵᠡᠷᠭᠡ 4 ᠵᠦᠢᠯ ᠤᠨ ᠭᠦᠢᠴᠡᠳᠬᠡᠯ ᠲᠤᠭ᠎ᠠ ᠶᠢ ᠴᠥᠮ 100% ᠪᠠᠷ ᠪᠠᠷᠢᠮᠵᠢᠶ᠎ᠠ ᠳᠤ ᠬᠦᠷᠦᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠪᠠ ᠮᠥᠷᠭᠦᠯᠳᠦᠬᠦ ᠶᠢ ᠰᠡᠷᠭᠡᠶᠢᠯᠡᠬᠦ ᠲᠣᠨᠣᠭᠯᠠᠯ ᠪᠠᠶᠢᠷᠢᠯᠠᠭᠤᠯᠬᠤ ᠶᠢ  ᠴᠢᠩᠭᠠᠳᠬᠠᠪᠠ᠃    ︽ᠵᠠᠮ ᠬᠠᠷᠢᠯᠴᠠᠭᠠᠨ ᠤ ᠤᠷᠬᠢᠯ ᠦᠶ᠎ᠡ ᠳᠤ ᠵᠢᠵᠢᠭᠦᠷᠯᠡᠬᠦ︾᠂ ︽ᠰᠤᠷᠣᠭᠴᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠣᠭᠲᠠᠴᠠ ᠶᠢ ᠪᠥᠬᠦ ᠲᠠᠯ᠎ᠠ ᠪᠠᠷ  ᠨᠠᠶᠢᠲᠠᠪᠣᠷᠢᠵᠢᠭᠤᠯᠪᠠ᠃ ᠰᠤᠷᠭᠠᠭᠤᠯᠢ ᠨᠢᠭᠡᠪᠦᠷᠢ ᠳᠤ ᠠᠳᠠᠭ ᠲᠠᠭᠠᠨ ᠨᠢᠭᠡ ᠴᠠᠭᠳᠠᠭ᠎ᠠ ᠶᠢᠨ ᠬᠦᠴᠦᠨ ᠲᠣᠬᠢᠷᠠᠭᠤᠯᠤᠨ ᠪᠠᠶᠢᠷᠢᠯᠠᠭᠤᠯᠵᠤ᠂ ᠰᠤᠷᠭᠠᠭᠤᠯᠢ ᠲᠠᠷᠬᠠᠬᠤ ᠤᠷᠬᠢᠯ ᠤᠨ ᠦᠶ᠎ᠡ  ᠠᠴᠠ ᠡᠮᠦᠨ᠎ᠡ ᠤᠷᠢᠳᠴᠢᠯᠠᠨ ᠠᠵᠢᠯ ᠤᠨ ᠪᠠᠶᠢᠷᠢ ᠳᠤ ᠪᠠᠨ ᠬᠠᠷᠠᠭᠤ᠂ ᠬᠤᠶᠢᠰᠢᠯᠠᠭᠤᠯᠤᠨ ᠠᠵᠢᠯ ᠤᠨ ᠪᠠᠶᠢᠷᠢ ᠠᠴᠠ ᠪᠠᠨ ᠪᠠᠭᠤᠬᠤ ᠶᠢᠨ ᠬᠠᠮᠲᠤ ᠵᠠᠮ ᠬᠠᠷᠢᠯᠴᠠᠭᠠᠨ ᠤ ᠴᠠᠭᠳᠠᠭ᠎ᠠ ᠶᠢ ᠬᠠᠪᠰᠤᠷᠤᠨ ᠰᠤᠷᠤᠭᠴᠢᠳ ᠤᠨ ᠲᠡᠷᠭᠡ ᠬᠥᠰᠬᠡ ᠶᠢ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠲᠤᠰᠴᠦ ᠬᠦᠷᠭᠡᠵᠦ᠂ ᠲᠡᠷᠭᠡ ᠬᠥᠰᠬᠡ ᠰᠤᠷᠭᠠᠭᠤᠯᠢ ᠶᠢᠨ ᠬᠦᠷᠢᠶᠡᠨ ᠤ ᠡᠭᠦᠳᠡᠨ ᠳᠤ ᠵᠣᠭᠰᠣᠬᠤ ᠶᠢ ᠴᠢᠩᠭ᠎ᠠ ᠴᠠᠭᠠᠵᠠᠯᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ ᠺᠠᠳ᠋ᠷ᠂ ᠪᠠᠭᠰᠢ ᠪᠠ ᠭᠡᠷ ᠤᠨ ᠠᠬᠠᠮᠠᠳ ᠵᠡᠷᠭᠡ ᠰᠠᠶᠢᠨ ᠳᠤᠷᠠᠴᠣᠳ ᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠷᠠᠳ ᠤᠨ ᠴᠠᠭᠳᠠᠭ᠎ᠠ ᠲᠠᠢ ᠬᠠᠮᠲᠤ ᠪᠠᠷ ︽ᠰᠤᠷᠣᠭᠴᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠢ ᠬᠠᠮᠠᠭᠠᠯᠠᠬᠤ ᠠᠵᠢᠯ ᠤᠨ ᠪᠠᠶᠢᠷᠢ︾ ᠶᠢᠨ ᠠᠵᠢᠯ ᠥᠷᠨᠢᠭᠦᠯᠵᠦ᠂ ᠰᠤᠷᠭᠠᠭᠤᠯᠢ ᠶᠢᠨ ᠡᠭᠦᠳᠡᠨ ᠡᠮᠦᠨ᠎ᠡ ᠵᠢᠴᠢ ᠡᠷᠬᠢᠨ ᠲᠣᠭᠤᠷᠢᠨ ᠤ ᠡᠮᠬᠢ ᠳᠢᠭᠯᠢᠮ ᠲᠠᠢ᠂ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠣᠯᠠᠬᠤ ᠪᠠᠷ ᠪᠤᠢ᠃    ︽ᠬᠠᠤᠯᠢᠵᠢᠯ︾  ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠪᠡ᠃ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ︽ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ︾ ᠪᠠᠷ ᠠᠵᠠ ᠲᠣᠬᠢᠶᠠᠯ ᠪᠣᠯᠭᠠᠨ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠵᠦ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾  ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠬᠠᠤᠯᠢ ᠳᠦᠷᠢᠮ ᠤᠨ ᠳᠡᠳ᠋ ᠵᠠᠬᠢᠷᠤᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠪᠣᠯᠣᠨ ᠠᠮᠤᠷ ᠢ ᠬᠠᠮᠠᠭᠠᠯᠠᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠰᠡᠷᠭᠡᠶᠢᠯᠡᠬᠦ᠂ ᠬᠤᠣᠷᠲᠤ ᠡᠳ᠋ ᠢ ᠰᠡᠷᠭᠡᠶᠢᠯᠡᠬᠦ᠂ ᠰᠡᠳᠬᠢᠴᠡ ᠶᠢᠨ ᠡᠷᠡᠭᠦᠯ ᠮᠡᠨᠳᠦ᠂ ᠮᠡᠬᠡᠯᠡᠬᠦ ᠶᠢ ᠰᠡᠷᠭᠡᠶᠢᠯᠡᠬᠦ᠂ ᠬᠤᠯᠠᠭᠠᠶᠢᠯᠠᠵᠤ ᠪᠤᠯᠢᠶᠠᠬᠤ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠰᠤᠷᠤᠭᠴᠢᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠥᠪᠡᠷ ᠢ ᠪᠠᠨ ᠬᠠᠮᠠᠭᠠᠯᠠᠬᠤ ᠪᠠ ᠭᠡᠨᠡᠳᠲᠡ ᠶᠢᠨ ᠠᠮᠤᠷ ᠲᠦᠪᠰᠢᠨ ᠤ ᠠᠳᠡᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号