2 ᠰᠠᠷ᠎ᠠ ᠶᠢᠨ 7 ᠤ ᠡᠳᠦᠷ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠬᠢᠨ ᠮᠠᠰᠢᠨ ᠲᠡᠷᠭᠡ | ᠰᠡᠯᠪᠢᠨ ᠵᠠᠰᠠᠬᠤ᠂ ᠮᠠᠰᠢᠨ ᠲᠡᠷᠭᠡ ᠲᠦᠷᠢᠶᠡᠰᠦᠯᠡᠬᠦ ᠠᠵᠤ ᠠᠬᠤᠶᠢᠯᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ | ᠦᠷᠨᠢᠭᠦᠯᠪᠡ᠂ ᠡᠯ᠎ᠡ ᠮᠠᠰᠢᠨ ᠲᠡᠷᠭᠡ ᠰᠡᠯᠪᠢᠨ ᠵᠠᠰᠠᠬᠤ᠂ ᠲᠦᠷᠢᠶᠡᠰᠦᠯᠡᠬᠦ ᠠᠵᠤ ᠠᠬᠤᠶᠢᠯᠠᠯ ᠳᠤ ᠬᠦᠷᠴᠦ ᠬᠠᠮᠢᠶ᠎ᠠ | ᠪᠦᠬᠦᠢ ᠡᠬᠡ ᠲᠠᠩᠰᠠ ᠪᠣᠯᠣᠨ ᠬᠢᠷᠢ ᠬᠡᠮ ᠤᠨ ᠮᠠᠲ᠋ᠧᠷᠢᠶᠠᠯ ᠢ ᠪᠠᠶᠢᠴᠠᠭᠠᠵᠤ᠂ ᠠᠵᠤ ᠠᠬᠤᠶᠢᠯᠠᠯ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ︽ᠮᠠᠰᠢᠨ ᠲᠡᠷᠭᠡ ᠰᠡᠯᠪᠢᠨ ᠵᠠᠰᠠᠬᠤ | ᠬᠠᠮᠢᠶᠠᠷᠤᠯᠲᠠ ᠶᠢᠨ ᠲᠣᠭᠲᠠᠭᠠᠯ︾ ︽ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠲᠦᠷᠢᠶᠡᠰᠦᠯᠡᠨ | ᠡᠵᠡᠩᠨᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠳᠦᠷᠢᠮ ᠢ ᠤᠬᠠᠭᠤᠯᠪᠠ᠃ ᠡᠭᠦᠨ ᠤ | ᠬᠠᠮᠲᠤ ᠳᠠᠩᠰᠠᠯᠠᠭᠤᠯᠬᠤ ᠭᠠᠷ ᠭᠦᠢᠴᠡᠳᠬᠡᠯ ᠬᠢᠭᠰᠡᠨ ᠦᠭᠡᠢ 6 ᠠᠵᠤ ᠠᠬᠤᠶᠢᠯᠠᠯ ᠳᠤ ᠴᠡᠭᠴᠡᠯᠡᠨ ᠥᠭᠡᠷᠡᠴᠢᠯᠡᠬᠦ | ᠮᠡᠳᠡᠭᠳᠡᠯ ᠤᠨ ᠪᠢᠴᠢᠭ ᠪᠠᠭᠤᠯᠭᠠᠵᠤ᠂ ᠠᠵᠤ ᠠᠬᠤᠶᠢᠯᠠᠯ ᠤᠨ ᠨᠡᠷᠡᠰ ᠤᠨ ᠬᠥᠮᠥᠷᠭᠡ᠂ ᠸᠢᠴᠠᠲ ᠤᠨ ᠠᠵᠢᠯ ᠤᠨ | ᠪᠦᠯᠦᠭ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠡᠷᠡᠭ ᠤᠨ | ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠠᠮᠢᠶᠠᠷᠤᠯᠲᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠪᠠ᠃ | | | |