ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/3/15
   3 ᠰᠠᠷ᠎ᠠ ᠶᠢᠨ 14 ᠤ ᠡᠳᠦᠷ᠂ ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠦ᠋ ᠴᠢᠩ ᠬᠠᠢ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠰᠦᠸᠧ ᠮᠢᠩ ᠢᠦᠢ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤᠨ ᠤ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠷᠠᠯ ᠳᠤ  ᠣᠷᠣᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠡᠷᠬᠢᠯᠡᠪᠡ᠃
bff73588035a5d8669f4fa4feb79a67.jpg
    ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠪᠣᠯ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠭᠡᠨ ᠬᠤᠪᠢᠷᠠᠭᠤᠯᠬᠤ᠂ ᠣᠳᠣᠬᠢᠴᠢᠯᠠᠭᠰᠠᠨ ᠵᠠᠷᠣᠳ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠪᠣᠯᠣᠨ᠎ᠠ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠯᠤᠲᠤ ᠶᠡᠭᠡ ᠳᠠᠪᠠᠭᠤᠯᠢᠭ ᠢ ᠭᠦᠢᠴᠡᠳ ᠲᠠᠨᠢᠵᠤ᠂ ᠳᠦᠷᠢᠮ ᠤᠨ ᠢᠲᠡᠭᠡᠯ ᠢᠶᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠬᠤᠰᠢᠭᠤᠨ ᠤ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠲᠠᠰᠣᠷᠠᠯᠲᠠ ᠦᠭᠡᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠲᠥᠪ ᠭᠤᠣᠯᠴᠢ ᠪᠠᠷ ᠬᠠᠤᠯᠢ ᠪᠠᠷᠢᠬᠤ ᠬᠢᠷᠢ ᠬᠡᠮᠵᠢᠶ᠎ᠡ ᠪᠠ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠠᠯᠢᠪᠠ ᠢᠳᠡᠪᠬᠢ ᠬᠦᠴᠦᠨ ᠵᠦᠢᠯ ᠢ ᠭᠦᠢᠴᠡᠳ ᠲᠠᠶᠢᠴᠢᠯᠠᠵᠤ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃
3aff84ca8df8ce9fc875920aab57429.jpg
    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠤᠯᠢ ᠴᠠᠭᠠᠵᠠ ᠳᠦᠷᠢᠮ ᠲᠣᠭᠲᠠᠭᠠᠯ ᠤᠨ ᠲᠠᠯ᠎ᠠ ᠠᠴᠠ ᠪᠠᠲᠤᠯᠠᠵᠤ᠂ ᠨᠠᠮ ᠤᠨ ᠪᠥᠬᠦ ᠲᠠᠯ᠎ᠠ ᠪᠠᠷ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠴᠥᠮ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠳᠤ ᠠᠰᠢᠭᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠶᠡᠭᠡ ᠲᠠᠯ᠎ᠠ ᠶᠢ ᠲᠠᠨᠢᠬᠤ᠂ ᠡᠵᠡᠮᠳᠡᠬᠦ᠂ ᠲᠠᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠴᠢᠬᠤᠯᠠ ᠶᠡᠭᠡ ᠠᠰᠠᠭᠤᠳᠠᠯ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠳᠤ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠥᠴᠥᠬᠡᠨ ᠴᠦ ᠭᠤᠶᠢᠪᠢᠰᠢ ᠦᠭᠡᠢ ᠪᠠᠷ ᠢᠯᠡᠷᠡᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠡᠭᠡ ᠲᠠᠯ᠎ᠠ ᠳᠤ ᠦᠢᠯᠡᠴᠢᠯᠡᠬᠦ ᠳᠤᠮᠳᠠ ᠨᠠᠮ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠬᠠᠨᠳᠤᠰᠢ ᠶᠢ ᠠᠵᠢᠭᠯᠠᠬᠤ᠂ ᠶᠡᠭᠡ ᠶᠠᠪᠤᠳᠠᠯ ᠢ ᠵᠥᠪᠯᠡᠬᠦ᠂ ᠶᠡᠭᠡ ᠶᠠᠪᠤᠳᠠᠯ ᠢ ᠠᠳᠬᠤᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠲᠠᠢ ᠨᠠᠩ ᠴᠢᠩᠭ᠎ᠠ ᠣᠶᠠᠯᠳᠣᠭᠤᠯᠵᠤ᠂ ᠬᠥᠭᠵᠢᠯᠲᠡ ᠶᠢᠨ ᠶᠡᠭᠡ ᠲᠠᠯ᠎ᠠ ᠲᠠᠢ ᠨᠠᠩ ᠣᠶᠢᠷᠠᠲᠤᠭᠤᠯᠵᠤ᠂ ᠠᠷᠠᠳ ᠣᠯᠠᠨ ᠤ ᠬᠦᠰᠡᠯ ᠡᠷᠡᠮᠡᠯᠵᠡᠯ ᠲᠠᠢ ᠨᠠᠩ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠠᠷᠳᠠᠬᠤ ᠴᠡᠭ ᠢᠶᠠᠨ ᠣᠨᠣᠪᠴᠢᠲᠠᠶ ᠣᠯᠵᠤ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠶ ᠡᠵᠡᠮᠳᠡᠵᠦ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠰᠢᠨ᠎ᠡ ᠠᠬᠢᠴᠠ ᠲᠠᠢ ᠪᠣᠯᠭᠠᠵᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃    ᠱᠣᠣ ᠶᠠᠨ ᠵᠢᠶᠦ᠋ᠨ ᠱᠠᠭᠠᠷᠳᠠᠭᠰᠠᠨ ᠨᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠢ  ᠶᠢᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ᠂ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ  ᠢ ᠰᠢᠯᠢᠳᠡᠭᠵᠢᠭᠦᠯᠬᠦ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ᠂ ᠠᠷᠭ᠎ᠠ ᠬᠡᠮᠵᠢᠶ᠎ᠡ ᠨᠢᠭᠡᠪᠦᠷᠢ ᠨᠢ ᠤᠬᠠᠮᠰᠠᠷ  ᠠᠴᠠ ᠪᠠᠨ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠭᠦᠯᠵᠦ᠂ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ  ᠶᠢ ᠬᠠᠮᠲᠤ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ ᠣᠨᠣᠴᠠᠲᠠᠢ ᠠᠳᠬᠤᠵᠤ᠂ ᠠᠰᠠᠭᠤᠳᠠᠯ ᠤᠨ ᠵᠠᠩᠭᠢᠯᠠᠭ᠎ᠠ ᠶᠢ ᠡᠷᠢᠨ ᠭᠠᠷᠭᠠᠵᠤ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠪᠠᠷ ᠠᠷᠭ᠎ᠠ ᠤᠬᠠᠭᠠᠨ ᠡᠷᠭᠦᠬᠦ ᠬᠡᠷᠡᠭᠲᠡᠢ᠃ ︽ᠬᠤᠣᠰ ᠬᠠᠷᠢᠯᠴᠠᠬᠤ︾ ᠳᠦᠷᠢᠮ ᠢ ᠭᠦᠨᠵᠡᠭᠡᠶᠢᠷᠡᠭᠦᠯᠵᠦ ᠂ ᠲᠥᠯᠥᠭᠡᠯᠡᠭᠴᠢᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ ᠠᠷᠭ᠎ᠠ ᠵᠠᠮ ᠢᠶᠠᠨ ᠦᠷᠭᠦᠯᠵᠢᠯᠡᠨ ᠥᠷᠭᠡᠳᠬᠡᠵᠦ᠂ ︽ᠲᠥᠯᠥᠭᠡᠯᠡᠭᠴᠢᠳ ᠤᠨ ᠭᠡᠷ︾᠂ ᠲᠥᠯᠥᠭᠡᠯᠡᠭᠴᠢᠳ ᠤᠨ ᠬᠠᠷᠢᠯᠴᠠᠬᠤ ᠦᠷᠳᠡᠭᠡ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃ ᠪᠥᠬᠦ ᠲᠠᠯ᠎ᠠ ᠳᠤ ᠬᠤᠯᠪᠣᠭᠳᠠᠬᠤ ᠤᠯᠤᠰ ᠲᠥᠷᠥ ᠶᠢᠨ ᠥᠨᠳᠥᠷᠴᠡ ᠳᠤ ᠵᠣᠭᠰᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠶᠡᠬᠡᠪᠡᠷ ᠳᠡᠮᠵᠢᠵᠦ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠤᠯᠲᠠ ᠳᠤ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ  ᠬᠡᠷᠡᠭᠲᠡᠢ ᠭᠡᠪᠡ᠃
 fc9ce4c15d37ca19d267a5ee8783d00.jpg  
    ᠬᠤᠷᠠᠯ ᠳᠡᠭᠡᠷ᠎ᠡ᠂ ᠵᠠᠷᠢᠮ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠠᠷᠢᠭᠤᠴᠠᠯᠭᠠᠲᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠᠬᠢ ᠠᠮᠵᠢᠯᠲᠠ ᠲᠠᠢ ᠲᠤᠷᠰᠢᠯᠭ᠎ᠠ ᠪᠣᠯᠣᠨ ᠠᠷᠭ᠎ᠠ ᠬᠢᠳᠡᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号