ᠵᠠᠷᠤᠳ ᠬᠤᠰᠢᠭᠤ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠪᠠᠶᠢᠴᠠᠭᠠᠯᠲᠠ ᠬᠢᠵᠦ  ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2023/3/15
     ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠪᠠᠶᠢᠵᠤ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ᠂ ᠦᠢᠯᠡᠳᠪᠦᠷᠢᠯᠡᠯ ᠢ ᠰᠠᠭᠠᠲᠠᠭᠠᠬᠤ ᠦᠭᠡᠢ ᠪᠠᠷ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠡ᠃
  a0f5394c56b3c797ac5a62e049f73d7.jpg  
    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠣᠷᠣᠭᠤᠯᠵᠤ ᠬᠤᠳᠠᠯᠳᠤᠨ ᠠᠪᠬᠤ ᠠᠷᠭ᠎ᠠ ᠵᠠᠮ᠂ ᠲᠠᠸᠠᠷ ᠤᠨ ᠲᠡᠮᠳᠡᠭ ᠵᠡᠷᠭᠡ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠳ ᠲᠤ ᠬᠠᠭᠤᠷᠮᠠᠭ ᠦᠷ᠎ᠡ᠂ ᠬᠠᠭᠤᠷᠮᠠᠭ ᠬᠢᠮᠢ ᠶᠢᠨ ᠪᠣᠷᠳᠣᠭᠤᠷ᠂ ᠬᠠᠭᠤᠷᠮᠠᠭ ᠲᠠᠷᠢᠶᠠᠨ ᠡᠮ ᠤᠨ ᠮᠡᠳᠡᠯᠭᠡ ᠶᠢᠨ ᠲᠤᠬᠠᠢ ᠲᠠᠶᠢᠯᠪᠤᠷᠢᠯᠠᠨ ᠶᠠᠷᠢᠵᠤ ᠥᠭᠪᠡ᠃    ︽ᠮᠠᠨ ᠤ ᠬᠠᠤᠯᠢ ᠬᠡᠷᠡᠭᠵᠢᠭᠦᠯᠬᠦ ᠠᠵᠢᠯᠲᠠᠨ ᠭᠤᠣᠯᠳᠠᠭᠤ ᠪᠣᠷᠳᠣᠭᠤᠷ ᠤᠨ ᠠᠭᠤᠯᠤᠭᠳᠠᠴᠠ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠪᠠᠰᠠ ᠬᠠᠤᠯᠢ ᠬᠡᠷᠡᠭᠵᠢᠭᠦᠯᠬᠦ ᠪᠠᠷᠢᠮᠵᠢᠶ᠎ᠠ᠂ ᠪᠣᠷᠳᠣᠭᠤᠷ ᠤᠨ ᠳᠠᠩᠰᠠᠯᠠᠯ ᠤᠨ ᠦᠨᠡᠮᠯᠡᠯ ᠨᠢ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ  ᠶᠢ ᠪᠠᠶᠢᠴᠠᠭᠠᠳᠠᠭ᠂ ᠡᠭᠦᠨ ᠤ ᠵᠣᠷᠢᠯᠭ᠎ᠠ  ᠨᠢ ᠬᠠᠪᠤᠷ ᠤᠨ ᠲᠠᠷᠢᠶᠠᠯᠠᠭ᠎ᠠ  ᠶᠢᠨ ᠬᠤᠭᠤᠴᠠᠭᠠᠨ ᠳᠤ ᠲᠠᠷᠢᠶᠠᠴᠢᠨ ᠡᠷᠦᠬᠡ  ᠶᠢ ᠰᠠᠨᠠᠭ᠎ᠠ ᠠᠮᠤᠷ ᠦᠷ᠎ᠡ ᠶᠢᠨ ᠬᠢᠮᠢ   ᠶᠢᠨ ᠪᠣᠷᠳᠣᠭᠤᠷ ᠬᠤᠳᠠᠯᠳᠤᠨ ᠠᠪᠤᠭᠤᠯᠬᠤ  ᠶᠢᠨ ᠲᠥᠯᠥᠭᠡ ᠶᠤᠮ︾᠃ ᠭᠡᠵᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠤᠯᠢ ᠬᠡᠷᠡᠭᠵᠢᠭᠦᠯᠦᠭᠴᠢ ᠶᠦᠩ ᠵᠢᠶᠧ ᠬᠡᠯᠡᠪᠡ᠃
ecf68e35d193c18edf57fced6d086c0.jpg
    ᠬᠠᠷ᠎ᠠ ᠥᠷᠯᠥᠭᠡ᠂ ᠯᠦᠪᠧᠢ ᠪᠠᠯᠭᠠᠰᠤᠨ ᠤ ᠪᠠ ᠺᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠴᠥᠭᠡᠨ ᠪᠤᠰᠤ ᠲᠠᠷᠢᠶᠠᠴᠢᠨ ᠢᠷᠡᠵᠦ ᠦᠷ᠎ᠡ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠴᠤ᠂ ᠬᠠᠪᠤᠷ ᠤᠨ ᠲᠠᠷᠢᠶᠠᠯᠠᠭ᠎ᠠ ᠳᠤ ᠰᠠᠶᠢᠲᠤᠷ ᠪᠡᠯᠡᠳᠬᠡᠯ ᠬᠢᠵᠦ ᠪᠠᠶᠢᠪᠠ᠃ ︽ᠥᠨᠥᠳᠥᠷ ᠪᠢᠳᠡ ᠡᠳᠦᠢ ᠲᠡᠳᠦᠢ ᠦᠷ᠎ᠡ ᠬᠤᠳᠠᠯᠳᠤᠨ ᠠᠪᠬᠤ ᠪᠠᠷ ᠢᠷᠡᠭᠰᠡᠨ ᠶᠣᠮ᠂ ᠶᠠᠭ ᠡᠳᠡᠭᠡᠷ ᠪᠠᠶᠢᠴᠠᠭᠠᠬᠤ ᠠᠵᠢᠯᠲᠠᠳ ᠲᠠᠢ ᠲᠠᠭᠠᠷᠠᠯᠳᠣᠵᠤ ᠪᠢᠳᠡᠨ ᠳᠤ ᠬᠢᠨᠠᠯᠲᠠ ᠲᠠᠯᠪᠢᠵᠤ ᠥᠭᠴᠦ ᠪᠠᠶᠢᠨ᠎ᠠ᠂ ᠡᠳᠡᠭᠡᠷ ᠦᠷ᠎ᠡ ᠪᠣᠯ ᠯᠠᠪᠲᠠᠢ ᠰᠠᠶᠢᠨ ᠦᠷ᠎ᠡ ᠮᠥᠨ᠂ ᠲᠡᠭᠦᠨ ᠢ ᠠᠪᠠᠴᠢᠵᠤ ᠲᠠᠷᠢᠭᠰᠠᠨ ᠴᠤ ᠰᠠᠨᠠᠭ᠎ᠠ ᠠᠮᠤᠷ ᠶᠣᠮ︾ ᠭᠡᠵᠦ  ᠦᠷ᠎ᠡ ᠬᠤᠳᠠᠯᠳᠤᠨ ᠠᠪᠴᠤ ᠪᠠᠶᠢᠭ᠎ᠠ ᠵᠣᠴᠢᠨ ᠪᠠᠶᠠᠷᠲᠤ ᠪᠠᠶᠠᠷᠲᠠᠢ ᠪᠠᠷ ᠬᠡᠯᠡᠪᠡ᠃    ᠣᠶᠢᠯᠠᠭᠠᠭᠰᠠᠨ ᠢᠶᠠᠷ᠂ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠣᠶᠢᠬᠠᠨ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠳᠤ ᠴᠣᠬᠢᠯᠲᠠ ᠥᠭᠬᠦ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠪᠠᠨ ᠡᠬᠢᠯᠡᠭᠦᠯᠦᠭᠰᠡᠨ ᠪᠠᠶᠢᠨ᠎ᠠ᠃ ᠣᠳᠣᠬᠠᠨ ᠳᠤ ᠨᠡᠶᠢᠳᠡ 100 ᠭᠠᠷᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠬᠤ ᠳᠡᠯᠭᠡᠭᠦᠷ ᠢ ᠪᠠᠶᠢᠴᠠᠭᠠᠪᠠ᠃ ᠲᠣᠰ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠡᠨᠡ ᠵᠢᠯ ᠤᠨ 5 ᠰᠠᠷ᠎ᠠ ᠪᠣᠯᠲᠠᠯ᠎ᠠ ᠦᠷᠭᠦᠯᠵᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠭᠤᠰᠲᠠᠯ᠎ᠠ ᠬᠢᠬᠦ ᠪᠣᠯᠣᠨ᠎ᠠ᠃ ᠡᠨᠡᠬᠦ ᠬᠤᠭᠤᠴᠠᠭᠠᠨ ᠳᠤ ᠪᠠᠰᠠ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ  ᠶᠢᠨ ᠪᠠᠶᠢᠴᠠᠭᠠᠯᠲᠠ  ᠶᠢ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ  ᠶᠢᠨ ᠠᠵᠢᠯᠯᠠᠭ᠎ᠠ  ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠪᠤᠷ ᠤᠨ ᠲᠠᠷᠢᠶᠠᠯᠠᠭ᠎ᠠ  ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ  ᠶᠢ ᠦᠨᠡᠨᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ  ᠶᠢ ᠪᠠᠲᠣᠳᠬᠠᠵᠤ ᠪᠠᠶᠢᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号