ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠨᠡᠶᠢᠲᠡᠯᠡᠬᠦ ᠵᠢᠴᠢ ᠬᠢᠷᠢ ᠬᠡᠮ ᠢ ᠳᠠᠬᠢᠨ ᠬᠢᠨᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/3/15
      ᠦᠨᠤ ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠵᠢᠴᠢ ᠬᠢᠷᠢ ᠬᠡᠮ ᠢ ᠳᠠᠬᠢᠨ ᠬᠢᠨᠠᠬᠤ ᠠᠯᠬᠤᠮ ᠳᠤ ᠤᠷᠤᠭᠰᠠᠨ ᠬᠦᠮᠤᠰ ᠢ ᠨᠡᠶᠢᠳᠡᠯᠡᠶ᠎ᠡ᠃      ᠨᠢᠭᠡ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ      ᠰᠢᠯᠭᠠᠭᠰᠠᠳ ᠨᠡᠷ᠎ᠡ ᠮᠡᠳᠡᠭᠦᠯᠬᠦ ᠰᠢᠰᠲ᠋ᠧᠮ ᠤᠨ ᠰᠦᠯᠵᠢᠶ᠎ᠡ ᠳᠤ ᠭᠠᠷᠴᠤ᠄ ︵http://bm.zhitaosoft.com:8092/cjcx/index.aspx︶ ᠪᠢᠷ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠭᠠᠷᠠᠢ᠃      ᠬᠢᠷᠢ ᠬᠡᠮ ᠢ ᠳᠠᠬᠢᠨ ᠬᠢᠨᠠᠬᠤ ᠬᠥᠮᠥᠨ ᠤ ᠲᠤᠭ᠎ᠠ ᠶᠢ ᠡᠯ᠎ᠡ ᠠᠵᠢᠯ ᠤᠨ ᠪᠠᠶᠢᠷᠢ ᠶᠢᠨ ᠡᠯᠰᠡᠬᠦ ᠲᠥᠯᠥᠪᠯᠡᠭᠡ ᠶᠢᠨ ᠬᠥᠮᠥᠨ ᠤ ᠲᠤᠭ᠎ᠠ ᠶᠢᠨ 3᠄ 1 ᠶᠢᠨ ᠬᠠᠷᠢᠴᠠᠯ ᠢᠶᠠᠷ  ᠲᠤᠭᠳᠠᠭᠠᠪᠠ︔ 3᠄ 1 ᠬᠦᠷᠬᠦ ᠦᠭᠡᠢ ᠪᠣᠯ᠂ ︽ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ︾ ᠵᠢᠴᠢ ᠪᠢᠷ ᠤᠨ ᠰᠢᠯᠭᠠᠯᠲᠠ ᠶᠢᠨ ᠬᠤᠪᠢ ᠶᠢᠨ ᠪᠠᠶᠢᠳᠠᠯ ᠢ ᠦᠨᠳᠦᠰᠦᠯᠡᠨ᠂ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠤᠭᠳᠠᠭᠠᠨ᠎ᠠ᠂ ᠲᠣᠰ ᠤᠳᠠᠭᠠᠨ ᠤ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ︵ᠦᠨᠳᠦᠰᠦᠲᠡᠨ ᠤ ᠬᠤᠪᠢ ᠨᠡᠮᠡᠬᠦ ᠪᠠᠭᠲᠠᠨ᠎ᠠ︶ ᠢ 50 ᠬᠤᠪᠢ ︵50 ᠬᠤᠪᠢ ᠪᠠᠭᠲᠠᠨ᠎ᠠ︶ ᠪᠠᠷ ᠲᠣᠭᠲᠠᠭᠠᠪᠠ᠃ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠭᠦ ᠬᠤᠪᠢ ᠶᠢᠨ ᠱᠤᠭᠤᠮ ᠳᠤ ᠭᠦᠷᠦᠭᠰᠡᠨ ᠬᠦᠮᠤᠰ ᠢ ᠴᠥᠮ ᠬᠢᠷᠢ ᠬᠡᠮ ᠤᠨ ᠳᠠᠬᠢᠨ ᠬᠢᠨᠠᠯᠲᠠ ᠬᠢᠬᠦ ᠳᠤ ᠣᠷᠣᠭᠤᠯᠤᠨ᠎ᠠ ᠃ ᠶᠡᠷᠦᠩᠬᠡᠢ ᠬᠢᠷᠢ ᠪᠦᠲᠦᠮᠵᠢ ᠨᠢ ᠵᠡᠷᠭᠡᠴᠡᠭᠰᠡᠨ  ᠪᠠᠶᠢᠪᠠᠯ ᠬᠠᠮᠲᠤ ᠳᠤᠨᠢ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ ᠣᠷᠣᠭᠤᠯᠤᠨ᠎ᠠ᠃      ᠬᠤᠶᠠᠷ᠂ ᠬᠢᠷᠢ ᠬᠡᠮ ᠢ ᠲᠠᠬᠢᠨ ᠬᠢᠨᠠᠬᠤ      ︵ᠨᠢᠭᠡ︶ ᠬᠢᠷᠢ ᠬᠡᠮ ᠢ ᠲᠠᠬᠢᠨ ᠬᠢᠨᠠᠬᠤ ᠴᠠᠭ ᠬᠤᠭᠤᠴᠠᠭ᠎ᠠ᠄      2023 ᠣᠨ ᠤ 3 ᠰᠠᠷ᠎ᠠ ᠶᠢᠨ 17 ᠤ ᠡᠳᠦᠷ ᠤᠨ 8᠄ 30 ︱ 3 ᠰᠠᠷ᠎ᠠ ᠶᠢᠨ 19 ᠤ ᠡᠳᠦᠷ ᠤᠨ 17᠄ 30 ᠴᠠᠭ ᠪᠤᠯᠳᠠᠯ᠎ᠠ︔      ︵ᠬᠤᠶᠠᠷ︶ ᠬᠢᠷᠢ ᠬᠡᠮ ᠢ ᠲᠠᠬᠢᠨ ᠬᠢᠨᠠᠬᠤ ᠭᠠᠵᠠᠷ᠄      ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠵᠡᠭᠦᠨ ᠶᠡᠭᠡ ᠲᠢᠩᠬᠢᠮ ︵  ᠯᠦᠪᠸᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠠᠴᠠ ᠪᠠᠷᠠᠭᠤᠨᠰᠢ 100 ᠮᠧᠲᠷ︶︔      (ᠭᠤᠷᠪᠠ ) ᠬᠢᠷᠢ ᠬᠡᠮ ᠢ ᠲᠡᠬᠢᠠ ᠬᠢᠨᠠᠬᠤ ᠬᠦᠮᠤᠰ᠄     ᠬᠢᠷᠢ ᠬᠡᠮ ᠢ ᠳᠠᠬᠢᠨ ᠬᠢᠨᠠᠬᠤ ᠬᠦᠮᠤᠰ ᠢ ᠨᠢᠭᠡᠨᠳᠡ ᠨᠡᠶᠢᠲᠡᠯᠡᠭᠰᠡᠨ ︽ᠵᠠᠷᠤᠳ ᠬᠤᠰᠢᠭᠤᠨ ᠤ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠬᠢᠷᠢ ᠬᠡᠮ ᠢ ᠳᠠᠬᠢᠨ ᠬᠢᠨᠠᠬᠤ ᠨᠡᠷᠡᠰ ᠲᠤ ᠤᠷᠤᠭᠰᠠᠨ ᠬᠥᠮᠥᠰ︾ ᠢᠶᠠᠷ ᠪᠠᠷᠢᠮᠵᠢᠶ᠎ᠠ ᠪᠣᠯᠭᠠᠨ᠎ᠠ ︵ᠳᠠᠭᠠᠯᠳᠤᠭᠤᠯᠤᠯ ᠳᠤ ᠦᠵᠡ︶᠂ ᠬᠢᠷᠢ ᠬᠡᠮ ᠢ ᠳᠠᠬᠢᠨ ᠬᠢᠨᠠᠬᠤ ᠳᠤ ᠤᠷᠤᠯᠴᠠᠭᠰᠠᠨ ᠦᠭᠡᠢ ᠪᠠ ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠵᠢᠯ ᠤᠨ ᠪᠠᠶᠢᠷᠢ ᠨᠢᠭᠡᠪᠦᠷᠢ ᠶᠢ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠲᠡᠰᠢ ᠲᠠᠰ ᠳᠠᠷᠠᠭᠠᠯᠠᠯ ᠢᠶᠠᠷ ᠨᠥᠬᠦᠪᠦᠷᠢᠯᠡᠨ᠎ᠡ᠃      ᠤᠷᠢᠭᠳᠠᠭᠰᠠᠳ ᠲᠣᠭᠲᠠᠭᠰᠠᠨ ᠴᠠᠭ ᠤᠨ ᠳᠣᠲᠣᠷ᠎ᠠ ᠬᠢᠷᠢ ᠬᠡᠮ ᠢ ᠳᠠᠬᠢᠨ ᠬᠢᠨᠠᠬᠤ ᠳᠤ ᠣᠷᠣᠯᠴᠠᠭᠰᠠᠨ ᠦᠭᠡᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢᠶᠠᠨ ᠥᠪᠡᠷ ᠢᠶᠠᠨ ᠬᠠᠶᠠᠭᠰᠠᠨ ᠢᠶᠠᠷ ᠦᠵᠡᠨ᠎ᠡ᠃     ︵ᠳᠥᠷᠪᠡ︶ ᠬᠢᠷᠢ ᠬᠡᠮ ᠢ ᠳᠠᠬᠢᠨ ᠬᠢᠨᠠᠬᠤ ᠬᠦᠷᠢᠶ᠎ᠡ ᠬᠡᠪᠴᠢᠶᠡᠨ ᠳᠤ ᠣᠷᠣᠭᠰᠠᠨ ᠬᠦᠮᠤᠰ ᠡᠷᠬᠡᠪᠰᠢ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄     ︵1︶ ᠲᠤᠰ ᠬᠥᠮᠥᠨ ᠤ ︽ᠨᠡᠷ᠎ᠡ ᠮᠡᠳᠡᠭᠦᠯᠤᠭ᠍ᠰᠡᠨ ᠪᠦᠷᠢᠳᠬᠡᠯ ᠤᠨ ᠬᠦᠰᠦᠨᠦᠭᠲᠦ︾ ︵ᠨᠢᠭᠡ ᠶᠢ ᠬᠤᠶᠠᠷ ᠬᠤᠪᠢ︶︔     ︵2︶ ᠬᠦᠴᠦᠨ ᠪᠦᠬᠦᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔     ︵3︶ ᠰᠤᠷᠭᠠᠭᠤᠯᠢ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠵᠡᠷᠭᠡ ᠬᠤᠯᠪᠣᠭᠳᠠᠯ ᠪᠦᠬᠦᠢ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ︔     2022 ᠣᠨ ᠤ ᠲᠡᠭᠦᠰᠤᠭ᠍ᠰᠡᠨ ᠰᠤᠷᠤᠭᠴᠢᠳ ᠰᠤᠷᠤᠯᠭ᠎ᠠ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠭᠤᠭᠠᠳᠤᠢ ᠪᠠᠶᠢᠪᠠᠯ᠂ ᠡᠷᠬᠡᠪᠰᠢ ᠳᠡᠭᠡᠳᠦ ᠰᠤᠷᠭᠠᠭᠤᠯᠢ ︵ᠰᠠᠯᠪᠤᠷᠢ︶ ᠪᠠ ᠬᠢᠴᠢᠶᠡᠯ ᠬᠥᠮᠦᠵᠢᠯ ᠤᠨ ᠭᠠᠵᠠᠷ ︵ᠠᠰᠫᠢᠷᠠᠨᠲ ᠶᠢᠨ ᠰᠤᠷᠭᠠᠭᠤᠯᠢ᠂ ᠭᠠᠵᠠᠷ︶ ᠤᠨ ᠠᠯᠪᠠᠨ ᠲᠠᠮᠠᠭ᠎ᠠ ᠶᠢ ᠳᠠᠷᠤᠭᠰᠠᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢ ᠶᠢᠨ ᠤᠭ ᠮᠠᠲ᠋ᠧᠷᠢᠶᠠᠯ ᠵᠢᠴᠢ ᠬᠠᠭᠤᠯᠪᠤᠷᠢ᠂ ᠰᠤᠷᠭᠠᠨ ᠬᠥᠮᠦᠵᠢᠯ ᠤᠨ ᠶᠠᠮᠤᠨ ᠤ ᠰᠤᠷᠭᠠᠭᠤᠯᠢ ᠶᠢᠨ ᠬᠠᠷᠢᠶ᠎ᠠ ᠶᠢᠨ ᠦᠨᠡᠮᠯᠡᠯ ᠤᠨ ᠡᠯᠧᠺᠲᠷᠣᠨ ᠲᠠᠩᠰᠠᠯᠠᠭᠰᠠᠨ ᠬᠦᠰᠦᠨᠦᠭᠲᠦ ᠪᠠᠨ ᠬᠠᠩᠭᠠᠬᠤ ᠬᠡᠷᠡᠭᠲᠡᠢ      ᠨᠢᠭᠡᠨᠳᠡ ᠲᠡᠭᠦᠰᠤᠭ᠍ᠰᠡᠨ ᠰᠤᠷᠤᠭᠴᠢᠳ ᠪᠤᠯ ᠡᠷᠬᠡᠪᠰᠢ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ ︵http://www.chsi.com.cn︶ ᠳᠤ ᠭᠠᠷᠴᠤ ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ ᠪᠠᠨ ᠲᠠᠷᠤᠮᠯᠯᠠᠨ ᠬᠠᠩᠭᠠᠬᠤ ᠬᠡᠷᠡᠭᠲᠡᠢ᠃ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠲᠠᠢ ᠤᠷᠢᠭᠳᠠᠭᠰᠠᠳ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠭᠡᠷᠡᠴᠢᠯᠡᠭᠰᠡᠨ ᠭᠡᠷᠡᠴᠢ ᠲᠡᠮᠳᠡᠭ ᠬᠠᠩᠭᠠᠬᠤ ᠬᠡᠷᠡᠭᠲᠡᠢ᠃     ︵4︶ ︽ᠲᠥᠷᠥᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠤᠭ᠍ᠰᠡᠳ᠂ ᠡᠷᠬᠡᠪᠰᠢ ᠦᠢᠯᠡᠴᠢᠯᠡᠭᠡᠨ ᠤ ᠲᠥᠷᠥᠯ ᠵᠦᠢᠯ ᠤᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠪᠠᠨ ᠬᠠᠩᠭᠠᠬᠤ ᠬᠡᠷᠡᠭᠲᠡᠢ᠂ ᠡᠰᠡᠬᠦᠯ᠎ᠡ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ  ᠭᠡᠷᠡᠴᠢᠯᠡᠭᠰᠡᠨ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠭᠡᠷᠡᠴᠢ ᠶᠢᠨ ᠤᠭ ᠮᠠᠲ᠋ᠧᠷᠢᠶᠠᠯ ᠪᠠ ᠬᠠᠭᠤᠯᠪᠤᠷᠢ ᠪᠠᠨ ᠬᠠᠩᠭᠠᠬᠤ ᠬᠡᠷᠡᠭᠲᠡᠢ᠃ ᠣᠶᠤᠲᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠪᠤᠯ ᠡᠷᠬᠡᠪᠰᠢ ᠴᠡᠷᠢᠭ ᠤᠨ ᠠᠯᠪᠠᠨ ᠠᠴᠠ ᠪᠠᠭᠤᠭᠰᠠᠨ ᠦᠨᠡᠮᠯᠡᠯ ᠤᠨ ᠤᠭ ᠮᠠᠲ᠋ᠧᠷᠢᠶᠠᠯ ᠪᠠ  ᠬᠠᠭᠤᠯᠪᠤᠷᠢ ᠪᠠᠨ ᠬᠠᠩᠭᠠᠬᠤ ᠬᠡᠷᠡᠭᠲᠡᠢ︔     ︵5︶ ᠤᠷᠢᠭᠳᠠᠭᠰᠠᠳ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯᠲᠠᠨ ᠪᠤᠯ᠂ ᠡᠷᠬᠡᠪᠰᠢ ᠪᠠᠶᠢᠭ᠎ᠠ  ᠨᠢᠭᠡᠴᠡ ᠶᠢᠨ ᠨᠡᠷ᠎ᠡ ᠮᠡᠳᠡᠭᠦᠯᠵᠦ  ᠰᠢᠯᠭᠠᠬᠤ ᠶᠢ ᠵᠥᠪᠰᠢᠶᠡᠷᠡᠭᠰᠡᠨ ᠭᠡᠷᠡᠴᠢ ᠮᠠᠲ᠋ᠧᠷᠢᠶᠠᠯ  ᠢᠶᠠᠨ ᠬᠠᠩᠭᠠᠬᠤ ᠬᠡᠷᠡᠭᠲᠡᠢ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠢᠴᠢ ᠬᠥᠳᠡᠯᠮᠦᠷᠢ ᠶᠢᠨ ᠭᠡᠷ᠎ᠡ ᠶᠢᠨ ᠬᠤᠭᠤᠴᠠᠭᠠᠨ ᠳᠤ ᠪᠠᠶᠢᠪᠠᠯ᠂ ᠡᠷᠬᠡᠪᠰᠢ ᠪᠠᠶᠢᠭ᠎ᠠ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠭᠠᠬᠤ ᠶᠢ ᠵᠥᠪᠰᠢᠶᠡᠷᠡᠭᠰᠡᠨ ᠭᠡᠷᠡᠴᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ︔ ᡽     ︵6︶ ᠤᠯᠤᠰ ᠲᠦᠷᠦ ᠶᠢᠨ ᠪᠠᠶᠢᠳᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠠᠶᠢᠪᠠᠯ ︵ᠨᠠᠮ ᠤᠨ ᠪᠡᠯᠡᠳᠬᠡᠯ ᠭᠡᠰᠢᠭᠦᠨ ᠪᠠᠭᠲᠠᠨ᠎ᠠ︶ ᠡᠷᠬᠡᠪᠰᠢ ᠪᠠᠶᠢᠭ᠎ᠠ ᠨᠠᠮ ᠤᠨ ᠡᠭᠦᠷ ᠤᠨ ᠬᠠᠩᠭᠠᠭᠰᠠᠨ ᠭᠡᠷᠡᠴᠢ ᠪᠠᠶᠢᠬᠤ ᠬᠡᠷᠡᠭᠲᠡᠢ︔     ︵7︶  ᠨᠡᠷ᠎ᠡ ᠮᠡᠳᠡᠭᠦᠯᠦᠨ ᠰᠢᠯᠭᠠᠬᠤ ᠠᠵᠢᠯ ᠤᠨ ᠪᠠᠶᠢᠷᠢ ᠶᠢᠨ ᠱᠠᠭᠠᠷᠳᠠᠭᠰᠠᠨ ᠪᠤᠰᠤᠳ ᠬᠤᠯᠪᠣᠭᠳᠠᠯ ᠪᠦᠬᠦᠢ ᠭᠡᠷᠡᠴᠢ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠃     ᠭᠤᠷᠪᠠ᠂ ᠨᠢᠭᠤᠷᠲᠠᠨ ᠰᠢᠯᠭᠠᠬᠤ ᠴᠠᠭ ᠢ ᠠᠰ ᠲᠤᠨᠢ ᠨᠡᠶᠢᠲᠡᠯᠡᠨ᠎ᠡ     ᠯᠠᠪᠯᠠᠬᠤ ᠤᠲᠠᠰᠤ᠄ 0475 ︱ 7226445
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号