ᠪᠠᠶᠠᠨᠲᠠᠯ᠎ᠠ ᠰᠤᠮᠤ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠮᠦᠩᠬᠦ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/3/16
      3 ᠰᠠᠷ᠎ᠠ ᠶᠢᠨ 14 ᠤ ᠡᠳᠦᠷ᠂ ᠪᠠᠶᠠᠨᠲᠠᠯ᠎ᠠ ᠰᠤᠮᠤ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠲᠥᠪᠯᠡᠷᠡᠩᠭᠦᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠤᠶᠢᠯᠪᠤᠷᠢᠲᠠᠢ ᠠᠳᠬᠤᠵᠤ᠂ ᠭᠦᠨᠵᠡᠭᠡᠢ ᠠᠳᠬᠤᠬᠤ ᠬᠡᠷᠡᠭᠲᠡᠢ᠃ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ  ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠵᠦ᠂ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠪᠤᠷᠢᠯᠠᠪᠠ᠃     
微信图片_20230316093143.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号