| ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠡᠯ᠎ᠡ ᠵᠦᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠣᠯᠠᠨ | ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ | ᠠᠵᠢᠯᠴᠢᠨ ᠡᠯᠰᠡᠬᠦ ᠳᠤ ᠬᠦᠴᠢᠷᠲᠡᠢ ᠪᠠᠶᠢᠬᠤ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠠᠵᠢᠯ ᠣᠯᠬᠤ ᠳᠤ | ᠬᠦᠴᠢᠷᠲᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠭᠡᠷ ᠤᠨ | ᠡᠭᠦᠳᠡᠨ ᠳᠤ ᠠᠵᠢᠯ ᠣᠯᠵᠤ ᠦᠢᠯᠡᠰ ᠴᠣᠭᠴᠠᠯᠠᠬᠤ ᠶᠢ ᠪᠡᠶᠡᠯᠡᠭᠦᠯᠬᠦ ᠳᠤ ᠲᠠᠪᠴᠠᠩ ᠤᠨ ᠲᠤᠯᠭᠠᠭᠤᠷᠢᠯᠠᠯ ᠬᠠᠩᠭᠠᠪᠠ᠃ | ᠡᠭᠦᠨ ᠤ ᠬᠠᠮᠲᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ︽ᠴᠢᠰᠤ ᠪᠦᠲᠦᠭᠡᠬᠦ ᠬᠡᠯᠪᠡᠷᠢ︾ | ᠶᠢᠨ ᠲᠡᠳᠭᠦᠨ ᠳᠡᠮᠵᠢᠵᠦ ᠠᠳᠠᠯ ᠦᠢᠯᠡᠰ ᠴᠣᠭᠴᠠᠯᠠᠬᠤ ᠴᠢᠳᠠᠮᠵᠢ ᠪᠠ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ | ᠭᠦᠢᠴᠡᠳ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠂ ᠠᠳᠠᠯ ᠦᠢᠯᠡᠰ ᠴᠣᠭᠴᠠᠯᠠᠭᠴᠢ ᠪᠠ | ᠵᠢᠵᠢᠭ ᠪᠠᠭ᠎ᠠ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠪᠡ᠃ | | | | | ᠬᠡᠪᠴᠢᠶ᠎ᠡ ᠪᠠᠨ ᠥᠷᠭᠡᠳᠬᠡᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠵᠠᠷᠤᠳ | ᠬᠤᠰᠢᠭᠤᠨ ᠤ ᠬᠤᠩ ᠰᠢᠩ ᠵᠠᠰᠠᠯ ᠴᠢᠮᠡᠭᠯᠡᠯ ᠤᠨ ᠬᠢᠵᠠᠭᠠᠷᠲᠤ ᠺᠣᠮᠫᠠᠨᠢ ᠠᠵᠢᠯ ᠣᠯᠭᠤᠯᠲᠠ ᠶᠢᠨ ᠰᠠᠯᠠᠭ᠎ᠠ | ᠮᠥᠴᠢᠷ ᠠᠴᠠ ᠠᠵᠢᠯ ᠣᠯᠭᠤᠯᠲᠠ ᠶᠢᠨ ᠵᠢᠭᠡᠯᠡᠯᠭᠡ ᠭᠤᠶᠣᠴᠢᠯᠠᠪᠠ᠃ ᠬᠤᠰᠢᠭᠤᠨ ᠤ ᠠᠵᠢᠯ ᠣᠯᠭᠤᠯᠲᠠ ᠶᠢᠨ | ᠲᠣᠪᠴᠢᠶ᠎ᠠ ᠭᠤᠶᠤᠴᠢᠯᠠᠭᠴᠢ ᠶᠢᠨ ᠦᠨᠳᠦᠰᠦᠨ ᠪᠠᠶᠢᠳᠠᠯ ᠪᠠ ᠡᠵᠡᠩᠨᠡᠯᠲᠡ ᠶᠢᠨ ᠲᠥᠯᠦᠪᠵᠢᠭᠦᠯᠭᠡ ᠶᠢ | ᠣᠶᠢᠯᠠᠭᠠᠭᠰᠠᠨ ᠤ ᠳᠠᠷᠠᠭ᠎ᠠ᠂ ᠵᠢᠭᠡᠯᠡᠯᠭᠡ ᠠᠪᠬᠤ ᠨᠥᠬᠦᠴᠡᠯ ᠢ ᠬᠢᠨᠠᠨ ᠬᠠᠷᠭᠤᠭᠤᠯᠵᠤ᠂ ᠰᠢᠤᠳᠠᠨ ᠤ | ᠬᠠᠳᠠᠭᠠᠯᠠᠮᠵᠢ ᠶᠢᠨ ᠪᠠᠩᠬᠢ ᠪᠠ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠵᠣᠬᠢᠴᠠᠭᠤᠯᠤᠨ ᠠᠳᠠᠯ ᠦᠢᠯᠡᠰ | ᠴᠣᠭᠴᠠᠯᠠᠭᠴᠢ ᠳᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠭᠠᠷ ᠭᠦᠢᠴᠡᠳᠬᠡᠯ ᠬᠢᠵᠦ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠤ ᠬᠠᠪᠰᠤᠷᠤᠯᠭ᠎ᠠ ᠳᠣᠣᠷ᠎ᠠ᠂ ᠪᠣᠶ ᠪᠦᠬᠦᠢ ᠭᠠᠷ | ᠭᠦᠢᠴᠡᠳᠬᠡᠯ ᠢ ᠮᠠᠰᠢ ᠲᠦᠷᠭᠡᠨ ᠢᠶᠠᠷ ᠬᠢᠵᠦ ᠳᠠᠭᠤᠰᠬᠠᠪᠠ᠃ | | | ᠥᠨᠳᠥᠷ ᠪᠦᠲᠦᠮᠵᠢᠲᠡᠢ᠂ ᠳᠥᠭᠦᠮ ᠳᠥᠲᠡ᠂ ᠬᠠᠯᠠᠭᠤᠨ ᠲᠣᠳᠣᠨᠤ ᠦᠢᠯᠡᠴᠢᠯᠡᠭᠡ ᠨᠢ ᠺᠣᠮᠫᠠᠨᠢ ᠶᠢᠨ | ᠬᠠᠷᠢᠭᠤᠴᠠᠯᠭᠠᠲᠠᠨ ᠢᠦᠢ ᠬᠠᠢ ᠯᠢ ᠶᠢ ᠪᠠᠶᠠᠷᠯᠠᠭᠤᠯᠪᠠ᠃ ᠲᠡᠷᠡ ᠬᠡᠯᠡᠬᠦ ᠳᠡᠭᠡᠨ᠂ ᠠᠵᠢᠯ ᠣᠯᠭᠤᠯᠲᠠ ᠶᠢᠨ | ᠵᠢᠭᠡᠯᠡᠯᠭᠡ ᠨᠢ ᠲᠡᠭᠦᠨ ᠤ ᠪᠠᠴᠢᠮ ᠲᠤᠯᠭᠠᠭᠤ ᠠᠰᠠᠭᠤᠳᠠᠯ ᠢ ᠰᠢᠢᠳᠪᠦᠷᠢᠯᠡᠵᠦ᠂ ᠵᠢᠭᠡᠯᠡᠯᠭᠡ ᠠᠪᠬᠤ ᠪᠤᠶ ᠪᠦᠬᠦᠢ | ᠶᠠᠪᠣᠴᠠ ᠶᠢ ᠨᠢᠭᠡ ᠯᠡ ᠭᠠᠷᠠᠭ ᠤᠨ ᠴᠠᠭ ᠬᠡᠷᠡᠭᠯᠡᠵᠦ ᠪᠠᠶᠢᠭᠠᠳ ᠵᠢᠭᠡᠯᠡᠯᠭᠡ ᠶᠢᠨ ᠵᠣᠭᠤᠰ ᠢ ᠪᠠᠭᠤᠯᠭᠠᠭᠰᠠᠨ ᠪᠠᠶᠢᠨ᠎ᠠ | ᠭᠡᠪᠡ᠃ | ᠰᠢᠤᠸᠠᠨ ᠮᠢᠩ ᠬᠤᠪᠴᠠᠰᠤᠨ ᠦᠢᠯᠡᠳᠪᠦᠷᠢ ᠶᠢᠨ ᠲᠡᠰᠤᠬ ᠲᠤ᠂ ᠠᠵᠢᠯᠴᠢᠳ ᠪᠥᠰ ᠪᠠᠷᠠᠭ᠎ᠠ ᠬᠡᠮᠵᠢᠬᠦ᠂ ᠡᠰᠬᠡᠬᠦ | ᠂ ᠣᠶᠣᠬᠤ᠂ ᠥᠳᠥᠨ ᠬᠤᠪᠴᠠᠰᠤ ᠪᠣᠭᠤᠳᠠᠯᠯᠠᠬᠤ ᠪᠠᠷ ᠶᠠᠭᠠᠷᠠᠯᠳᠤᠵᠤ ᠪᠠᠶᠢᠯ᠎ᠠ᠃ ᠬᠤᠪᠴᠠᠰᠤᠨ ᠤ | ᠦᠢᠯᠡᠳᠪᠦᠷᠢ ᠶᠢᠨ ᠬᠠᠷᠢᠭᠤᠴᠠᠯᠭᠠᠲᠠᠨ ᠯᠢ ᠰᠢᠤᠸᠠᠢ ᠪᠣᠯ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠴᠢ ᠮᠥᠨ᠂ | 2019 ᠣᠨ ᠳᠤ ᠲᠡᠷᠡ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠮᠵᠢᠯᠭᠡ | ᠳᠣᠣᠷ᠎ᠠ ᠰᠢᠤᠸᠠᠨ ᠮᠢᠩ ᠬᠤᠪᠴᠠᠰᠤᠨ ᠤ ᠦᠢᠯᠡᠳᠪᠦᠷᠢ ᠪᠠᠶᠢᠭᠤᠯᠵᠠᠢ᠂ ᠡᠲᠡᠭᠡᠷ ᠵᠢᠯ ᠤᠳ ᠲᠤ ᠬᠤᠪᠴᠠᠰᠤᠨ ᠤ | ᠦᠢᠯᠡᠳᠪᠦᠷᠢ ᠶᠢᠨ ᠮᠠᠶᠢᠮᠠᠢ ᠡᠳᠦᠷ ᠠᠴᠠ ᠡᠳᠦᠷ ᠥᠭᠡᠳᠡᠯᠡᠵᠦ ᠪᠠᠶᠢᠬᠤ ᠪᠠᠷ ᠪᠠᠷᠠᠬᠤ ᠦᠭᠡᠢ᠂ ᠪᠠᠰᠠ ᠲᠣᠰ | ᠭᠠᠵᠠᠷ ᠤᠨ 30 ᠭᠠᠷᠤᠢ ᠬᠡᠦᠬᠡᠳ ᠤᠨ ᠡᠵᠢ᠂ ᠭᠡᠷ ᠤᠨ ᠡᠵᠡᠭᠲᠡᠢ᠂ ᠵᠡᠮᠳᠡᠭᠴᠦᠳ ᠢ ᠳᠠᠭᠠᠭᠤᠯᠤᠨ ᠭᠡᠷ ᠤᠨ | ᠡᠭᠦᠳᠡᠨ ᠳᠤᠨᠢ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠦᠭᠰᠡᠨ ᠪᠠᠶᠢᠨ᠎ᠠ᠃ | | | ᠠᠵᠢᠯᠲᠠᠨ ᠵᠠᠩ ᠰᠢᠶᠣᠣ ᠵᠢᠤᠸᠠᠨ ᠪᠣᠯ ᠬᠤᠪᠴᠠᠰᠤᠨ ᠤ ᠦᠢᠯᠡᠳᠪᠦᠷᠢ ᠶᠢᠨ ᠮᠡᠷᠭᠡᠵᠢᠯ ᠤᠨ ᠭᠤᠣᠯᠯᠠᠭᠴᠢ | ᠬᠦᠴᠦᠨ ᠮᠥᠨ᠂ ᠠᠵᠢᠯ ᠣᠯᠭᠤᠯᠲᠠ ᠶᠢᠨ ᠪᠣᠯᠪᠠᠰᠤᠷᠠᠯ ᠭᠥᠷᠳᠡᠭᠰᠡᠨ ᠤ ᠲᠠᠷᠠᠭ᠎ᠠ᠂ ᠲᠡᠷᠡ ᠡᠰᠬᠡᠬᠦ᠂ ᠣᠶᠣᠬᠤ | ᠵᠡᠷᠭᠡ ᠡᠯ᠎ᠡ ᠦᠢᠯᠡᠳᠪᠦᠷᠢᠯᠡᠯ ᠤᠨ ᠭᠤᠭᠴᠤᠭ᠎ᠠ ᠳᠤ ᠪᠦᠷ ᠳᠠᠳᠮᠠᠭᠠᠢ ᠪᠣᠯᠵᠤ᠂ ᠬᠤᠪᠴᠠᠰᠤᠨ ᠤ ᠦᠢᠯᠡᠳᠪᠦᠷᠢ ᠳᠤ | ᠠᠵᠢᠯᠯᠠᠭᠰᠠᠨ ᠠᠴᠠ ᠲᠣᠭᠲᠠᠪᠤᠷᠢᠲᠠᠢ ᠣᠷᠣᠯᠭ᠎ᠠ ᠲᠠᠢ ᠪᠣᠯᠪᠠ᠃ ︽ᠭᠡᠷ ᠤᠨ ᠡᠵᠡᠭᠲᠡᠢ ᠪᠣᠯᠤᠭᠰᠠᠨ ᠤ ᠬᠤᠪᠢ ᠳᠤ᠂ | ᠭᠡᠷ ᠤᠨ ᠡᠭᠦᠳᠡᠨ ᠳᠤ ᠪᠠᠨ ᠵᠣᠭᠤᠰ ᠣᠯᠵᠤ ᠭᠡᠷ ᠤᠨ ᠵᠠᠷᠤᠳᠠᠯ ᠢᠶᠠᠨ ᠨᠦᠬᠦᠪᠦᠷᠢᠯᠡᠬᠦ ᠪᠣᠯᠣᠭᠰᠠᠨ᠂ ᠪᠢ ᠶᠡᠭᠡ ᠵᠦᠭᠡᠷ | ᠭᠡᠵᠦ ᠪᠣᠳᠣᠵᠤ ᠪᠠᠶᠢᠨ᠎ᠠ︾ ᠭᠡᠵᠦ ᠵᠠᠩ ᠰᠢᠶᠣᠣ ᠵᠢᠤᠸᠠᠨ ᠬᠡᠯᠡᠪᠡ᠃ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠢᠭᠡ ᠲᠠᠯ᠎ᠠ ᠪᠠᠷ ᠠᠷᠠᠳ ᠤᠯᠠᠨ ᠤ | ︽ᠪᠤᠳᠠᠭᠠᠨ ᠠᠶᠠᠭ᠎ᠠ︾ ᠲᠠᠢ ᠬᠤᠯᠪᠣᠭᠳᠠᠵᠤ᠂ ᠨᠦᠭᠦᠭᠡ ᠲᠠᠯ᠎ᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠲᠠᠢ | ᠬᠤᠯᠪᠣᠭᠳᠠᠵᠤ ᠪᠠᠶᠢᠳᠠᠭ᠃ ᠵᠢᠯ ᠤᠨ ᠡᠬᠢᠨ ᠠᠴᠠ ᠨᠠᠰᠢ᠂ ᠵᠠᠷᠤᠳ ᠬᠤᠰᠢᠭᠤ ᠰᠠᠯᠠᠭ᠎ᠠ ᠮᠥᠴᠢᠷ ᠤᠨ ᠡᠬᠢ ᠪᠠᠶᠠᠯᠢᠭ | ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠠᠵᠢᠯ ᠣᠯᠭᠤᠯᠲᠠ ᠶᠢᠨ ᠠᠷᠭ᠎ᠠ | ᠵᠠᠮ ᠢᠶᠠᠨ ᠲᠠᠰᠤᠷᠠᠯᠲᠠ ᠦᠭᠡᠢ ᠥᠷᠭᠡᠳᠬᠡᠵᠦ᠂ ᠠᠵᠢᠯ ᠣᠯᠭᠤᠯᠲᠠ ᠶᠢᠨ ᠲᠠᠪᠴᠠᠩ ᠪᠠᠶᠢᠭᠤᠯᠤᠨ᠂ | ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠢᠭᠡ ᠢᠵᠢ ︽ᠬᠠᠮ ᠠᠷᠭ᠎ᠠ︾ ᠪᠠᠷ ᠠᠵᠢᠯ | ᠣᠯᠭᠤᠯᠲᠠ ᠶᠢᠨ ᠰᠠᠶᠢᠨ ᠠᠭᠤᠷ ᠠᠮᠢᠰᠬᠤᠯ ᠢ ᠪᠣᠢ ᠪᠣᠯᠭᠠᠵᠤ᠂ ᠠᠷᠠᠳ ᠤᠨ ᠠᠮᠢᠳᠤᠷᠠᠯ ᠤᠨ ︽ᠰᠠᠭᠤᠷᠢ ᠴᠢᠯᠠᠭᠤ︾ | ᠶᠢ ᠲᠣᠭᠲᠠᠪᠤᠷᠢᠵᠢᠭᠤᠯᠪᠠ᠃ | | | ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠨᠠᠷᠠᠰᠤ᠄ ︽ᠣᠳᠣᠬᠠᠨ ᠳᠤ᠂ ᠪᠢᠳᠡ 164 ᠠᠵᠤ ᠠᠬᠤᠶᠢᠯᠠᠯ ᠵᠢᠴᠢ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠤ 3104.4 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠥᠬᠦ ᠬᠤᠰᠢᠭᠤᠨ ᠤ ᠠᠵᠢᠯ ᠣᠯᠵᠤ ᠦᠢᠯᠡᠰ ᠴᠣᠭᠴᠠᠯᠠᠬᠤ ᠠᠵᠢᠯ ᠤᠨ ᠶᠡᠷᠦᠩᠬᠡᠢ | ᠰᠡᠳᠬᠢᠴᠡ ᠪᠠ ᠱᠠᠭᠠᠷᠳᠠᠯᠭ᠎ᠠ ᠶᠣᠰᠣᠭᠠᠷ᠂ ᠠᠵᠢᠯ ᠣᠯᠭᠤᠬᠤ ᠪᠠᠷ ᠡᠬᠢᠯᠡᠯᠲᠡ ᠶᠢᠨ ᠴᠡᠭ ᠪᠣᠯᠭᠠᠨ᠂ ᠠᠵᠢᠯ ᠤᠨ | ᠬᠠᠷᠠᠯᠲᠠ ᠪᠠᠨ ᠴᠢᠩᠭ᠎ᠠ ᠠᠩᠬᠠᠷᠴᠤ᠂ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠬᠤᠲᠠ ᠬᠥᠳᠡᠭᠡ ᠶᠢᠨ | ᠨᠢᠭᠡᠳᠦᠯᠲᠡᠢ ᠲᠥᠯᠥᠪᠯᠡᠬᠦ ᠶᠢᠨ ᠲᠣᠭᠤᠷᠢᠨ ᠳᠤ ᠠᠵᠢᠯ ᠣᠯᠭᠤᠯᠲᠠ ᠶᠢ ᠴᠢᠩᠭᠠᠳᠬᠠᠨ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠵᠦ᠂ ᠨᠡᠶᠢᠭᠡᠮ ᠤᠨ ᠪᠠᠶᠢᠭᠤᠯᠤᠮᠵᠢ ᠶᠢ ᠥᠷᠭᠡᠨ ᠢᠶᠠᠷ ᠳᠠᠶᠢᠴᠢᠯᠠᠨ᠂ ᠡᠬᠢ | ᠪᠠᠶᠠᠯᠢᠭ ᠢᠶᠠᠨ ᠵᠠᠬ᠎ᠠ ᠳᠡᠯᠭᠡᠭᠦᠷᠴᠢᠯᠡᠨ ᠨᠠᠩ ᠰᠠᠶᠢᠲᠤᠷ ᠠᠰᠢᠭᠯᠠᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠡᠮᠬᠢ ᠵᠢᠷᠤᠮ ᠲᠠᠢ ᠬᠡᠷᠡᠭᠵᠢᠭᠦᠯᠦᠨ᠎ᠡ᠃ | ᠡᠭᠦᠨ ᠤ ᠬᠠᠮᠲᠤ ᠪᠠᠰᠠ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ ᠳᠡᠮᠵᠢᠯᠭᠡ ᠶᠢᠨ ᠬᠡᠪᠴᠢᠶ᠎ᠡ ᠶᠢ ᠥᠷᠭᠡᠳᠬᠡᠨ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ | ᠴᠢᠳᠠᠮᠵᠢ ᠪᠠᠨ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠦᠷ᠎ᠡ ᠪᠦᠲᠦᠮᠵᠢ ᠢᠶᠠᠨ | ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠢᠯ ᠣᠯᠣᠭᠠᠳᠤᠢ ᠶᠡᠭᠡ ᠰᠤᠷᠭᠠᠭᠤᠯᠢ ᠲᠡᠭᠦᠰᠦᠭᠰᠡᠨ ᠣᠶᠣᠨᠲᠠᠳ ᠵᠢᠴᠢ | ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠨᠠᠩ ᠰᠠᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ | ᠪᠠᠶᠢᠭᠤᠯᠵᠤ ᠥᠭᠭᠦᠨ᠎ᠡ︾ ᠭᠡᠪᠡ᠃ | | | | | | | |