ᠪᠠᠶᠠᠷᠲᠤᠬᠤᠰᠢᠭᠤ ᠪᠠᠯᠭᠠᠰᠤ ︽ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ︾ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/3/17
      3 ᠰᠠᠷ᠎ᠠ ᠶᠢᠨ 15 ᠤ ᠡᠳᠦᠷ᠂ ᠪᠠᠶᠠᠷᠲᠤᠬᠤᠰᠢᠭᠤ ᠪᠠᠯᠭᠠᠰᠤ ᠳᠤᠮᠳᠠᠳᠤ ᠤᠯᠤᠰ ᠤᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ ᠲᠠᠢ ᠬᠠᠮᠲᠤᠷᠠᠨ ︽ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ︾ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠤᠷᠠᠯ ᠬᠢᠪᠡ᠃ ᠬᠤᠷᠠᠯ ᠳᠡᠭᠡᠷ᠎ᠡ᠂ ᠠᠵᠢᠯᠲᠠᠳ ᠵᠥᠪᠰᠢᠶᠡᠷᠡᠨ ᠣᠷᠣᠭᠤᠯᠬᠤ ᠨᠥᠬᠦᠴᠡᠯ᠂ ᠬᠡᠷᠡᠭᠴᠡᠭᠡ᠂ ᠬᠤᠭᠤᠴᠠᠭ᠎ᠠ ᠬᠢᠵᠠᠭᠠᠷ᠂ ᠬᠦᠦ ᠮᠥᠩᠭᠦ ᠶᠢᠨ ᠨᠣᠷᠮ᠎ᠠ᠂ ᠲᠤᠭ᠎ᠠ ᠬᠡᠮᠵᠢᠶ᠎ᠡ ᠪᠠ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ︽  ᠦᠬᠡᠷ ︵ᠬᠤᠨᠢ︶ ᠲᠡᠵᠢᠭᠡᠬᠦ ᠶᠢ ᠬᠠᠷᠠᠭᠠᠯᠵᠠᠬᠤ ᠵᠢᠭᠡᠯᠡᠯᠭᠡ︾᠂ ︽ᠲᠠᠷᠢᠮᠠᠯ ᠤᠨ ᠵᠢᠭᠡᠯᠡᠯᠭᠡ︾ ᠪᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠯᠡᠭᠡᠨ ᠤ ᠵᠢᠭᠡᠯᠡᠯᠭᠡ︾ ᠵᠡᠷᠭᠡ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠬᠠᠷᠠᠭᠠᠯᠵᠠᠭᠰᠠᠨ ᠵᠢᠭᠡᠯᠡᠯᠭᠡ ᠶᠢᠨ ᠦᠢᠯᠡᠳᠬᠦᠨ ᠢᠶᠠᠨ ᠨᠠᠷᠢᠨ ᠲᠠᠨᠢᠯᠴᠠᠭᠤᠯᠤᠭᠰᠠᠨ ᠪᠥᠭᠡᠳ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠮᠠᠳᠠᠭ ᠲᠠᠢ ᠠᠰᠠᠭᠤᠳᠠᠯ ᠢ ᠨᠢ ᠬᠠᠷᠢᠭᠤᠯᠵᠤ᠂ ᠺᠠᠳ᠋ᠷ ᠣᠯᠠᠨ ᠲᠦᠮᠡᠨ ᠤ ᠮᠥᠩᠭᠦᠨ ᠭᠦᠢᠯᠭᠡᠭᠡᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      
微信图片_20230317101626.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号