ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽2023 ᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠤᠯᠠᠷᠢᠯ︾ ᠤᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/17
       3 ᠰᠠᠷ᠎ᠠ ᠶᠢᠨ 15 ᠤ ᠡᠳᠦᠷ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠪᠠᠩᠬᠢ ᠲᠠᠢ ᠬᠠᠮᠲᠤᠷᠠᠨ ︽2023 ᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠤᠯᠠᠷᠢᠯ︾ ᠤᠨ ᠤᠬᠠᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠣᠯᠠᠨ ᠲᠦᠮᠡᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠦᠷᠭᠡᠨ ᠦᠢᠯᠡᠳᠴᠦ᠂ ᠪᠠᠲᠤᠯᠠᠭ᠎ᠠ ᠶᠢᠨ ᠺᠠᠷᠲ ᠲᠠᠷᠬᠠᠭᠠᠬᠤ ᠬᠤᠷᠰᠢᠭᠰᠠᠨ ᠪᠠᠩᠬᠢ ᠶᠢᠨ ᠲᠣᠣᠷ ᠴᠡᠭ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠬᠠᠭᠤᠳᠠᠰᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠡᠷᠡᠭᠯᠡᠬᠦ ᠮᠡᠳᠡᠯᠭᠡ ᠪᠠ ᠦᠨᠳᠦᠰᠦᠨ ᠴᠢᠳᠠᠮᠵᠢ ᠶᠢ ᠲᠦᠭᠡᠮᠡᠯᠵᠢᠭᠦᠯᠵᠦ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠤᠶᠤᠴᠢᠯᠠᠨ ᠠᠪᠬᠤ ᠶᠠᠪᠤᠴᠠ ᠪᠠ ᠢᠳᠡᠪᠬᠢᠵᠢᠭᠦᠯᠦᠭᠰᠡᠨ ᠤ ᠳᠠᠷᠠᠭᠠᠬᠢ ᠬᠡᠷᠡᠭᠯᠡᠬᠦ ᠠᠷᠭ᠎ᠠ ᠶᠢ ᠣᠯᠠᠨ ᠲᠦᠮᠡᠨ ᠳᠤ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠦᠢᠴᠡᠳᠬᠡᠬᠦ ᠪᠠ ᠬᠡᠷᠡᠭᠯᠡᠬᠦ ᠳᠤᠮᠳᠠ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠳᠤ ᠬᠠᠷᠢᠭᠤᠯᠲᠠ ᠦᠭᠪᠡ᠃     
微信图片_20230317101637.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号