ᠵᠠᠷᠤᠳ ᠬᠤᠰᠢᠭᠤᠨ ᠤ ᠬᠢᠨ ᠣᠨᠣᠴᠠᠲᠠᠢ ᠬᠦᠴᠦᠯᠡᠵᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ︽  ᠣᠯᠠᠭᠠᠨ ᠬᠦᠳᠡᠯᠭᠡᠬᠦ ᠬᠦᠴᠦᠨ︾ ᠨᠡᠮᠡᠷᠢᠯᠡᠪᠡ
ᠨᠡᠶᠢᠲᠡᠯᠡᠭᠰᠡᠨ ᠴᠠᠭ᠄
2023/3/17
     ᠵᠠᠷᠤᠳ ᠬᠤᠰᠢᠭᠤᠨ ᠤ ᠬᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢᠨ ᠳᠣᠲᠠᠭᠳᠠᠯ‌‍ᠲ᠋ᠠᠢ ᠲᠠᠯ᠎ᠠ ᠶᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠠᠨᠳᠤᠯᠭ᠎ᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠪᠠᠷ ᠪᠦᠷᠬᠦᠬᠦᠯᠬᠦ᠂ ᠦᠢᠯᠡᠴᠢᠯᠡᠭᠡ ᠪᠠᠷ ᠪᠠᠲᠤᠯᠠᠬᠤ᠂ ᠬᠥᠭᠵᠢᠯᠲᠡ ᠶᠢ ᠬᠠᠮᠲᠤᠪᠠᠷ ᠠᠬᠢᠭᠤᠯᠬᠤ ᠵᠡᠷᠭᠡ ᠲᠠᠯ᠎ᠠ ᠪᠠᠷ ᠣᠨᠣᠴᠠᠲᠠᠢ ᠬᠦᠴᠦᠯᠡᠬᠦ ᠶᠢ ᠪᠠᠷᠢᠮᠲᠠᠯᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ︽  ᠣᠯᠠᠭᠠᠨ ᠬᠦᠳᠡᠯᠭᠡᠬᠦ ᠬᠦᠴᠦᠨ︾ ᠨᠡᠮᠡᠷᠢᠯᠡᠪᠡ᠃    ᠬᠡᠰᠡᠭ ᠪᠦᠯᠦᠭ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠬᠠᠮᠤᠷᠬᠤ ᠶᠢ ᠪᠣᠳᠠᠲᠠᠢ ᠪᠠᠷ ᠠᠳᠬᠤᠪᠠ᠃ ︽ᠬᠡᠰᠡᠭ ᠪᠦᠯᠦᠭ ᠢ ᠤᠶᠠᠯᠳᠤᠭᠤᠯᠬᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠠᠵᠢᠯ ᠲᠥᠷᠥᠯ ᠠᠴᠠ ᠭᠤᠣᠯᠴᠢᠯᠠᠨ ᠬᠠᠮᠢᠶᠠᠷᠬᠤ᠂ ᠵᠡᠭᠡᠯᠢ ᠭᠤᠳᠤᠮᠵᠢ ᠦᠨᠳᠦᠰᠦᠨ ᠵᠦᠢᠯ ᠢ ᠪᠠᠲᠤᠯᠠᠬᠤ︾ ᠰᠡᠳᠬᠢᠴᠡ ᠶᠣᠰᠣᠭᠠᠷ᠂ ︽ᠬᠤᠶᠠᠷ ᠰᠢᠨ᠎ᠡ︾ ᠶᠢᠨ ᠠᠵᠢᠯ ᠤᠨ ᠵᠥᠪᠯᠡᠯ ᠲᠦᠷᠦᠭᠦᠯᠡᠨ ᠶᠡᠷᠦᠩᠬᠡᠢ ᠠᠵᠢᠯ ᠢ ᠠᠳᠬᠤᠬᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠲᠠᠢ ᠬᠠᠷᠢᠭᠤᠴᠠᠬᠤ᠂ ᠬᠠᠷᠢᠶ᠎ᠠ ᠭᠠᠵᠠᠷ ᠨᠢ ᠦᠨᠳᠦᠰᠦᠨ ᠵᠦᠢᠯ ᠢ ᠳᠠᠭᠠᠭᠠᠨ ᠬᠠᠮᠢᠶᠠᠷᠬᠤ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠷᠠᠳ ᠤᠨ ᠶᠠᠪᠤᠳᠠᠯ᠂ ᠬᠤᠲᠠ ᠶᠢᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ ᠬᠦᠴᠦᠨ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠤᠨ᠂ ︽ᠬᠤᠶᠠᠷ ᠢ ᠬᠠᠮᠤᠷᠬᠤ︾ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠣᠯᠠᠪᠠ᠃ ᠪᠠᠶᠢᠭᠤᠯᠪᠠᠯ ᠵᠣᠬᠢᠬᠤ ᠪᠦᠬᠦᠨ ᠢ ᠪᠠᠶᠢᠭᠤᠯᠬᠤ ᠵᠠᠷᠴᠢᠮ ᠶᠣᠰᠣᠭᠠᠷ᠂ 50 ᠪᠠᠷᠠᠭᠠᠨ ᠤ ᠲᠡᠭᠡᠭᠡᠪᠦᠷᠢ᠂ ᠲᠦᠷᠭᠡᠨ ᠬᠦᠷᠭᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠠᠬᠤᠶᠢᠯᠠᠯ᠂ 865 ᠠᠵᠢᠯᠲᠠᠨ ᠠᠵᠢᠯᠴᠢᠨ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ 39 ᠨᠠᠮ ᠤᠨ ᠭᠡᠰᠢᠭᠦᠨ ᠢ ᠲᠠᠶᠢᠴᠢᠯᠠᠨ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠡᠷᠴᠢᠮ ᠢᠶᠠᠨ ᠲᠣᠳᠣᠷᠠᠭᠤᠯᠪᠠ᠃ ᠲᠤᠰᠠᠭᠠᠷ ᠪᠠᠶᠢᠭᠤᠯᠬᠤ ᠪᠤᠶᠤ ᠬᠠᠮᠲᠤᠷᠠᠨ ᠪᠠᠶᠢᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ᠂ ᠬᠤᠭᠤᠯᠠᠨ ᠬᠦᠷᠭᠡᠬᠦ ᠬᠤᠷᠳᠤᠨ ᠮᠣᠷᠢᠲᠠᠨ᠂ ᠠᠴᠢᠶᠠᠨ ᠤ ᠲᠣᠮᠣ ᠮᠠᠰᠢᠨ ᠤ ᠠᠵᠢᠯ ᠲᠥᠷᠥᠯ᠂ ᠲᠦᠷᠭᠡᠨ ᠬᠦᠷᠭᠡᠬᠦ ᠠᠵᠢᠯ ᠲᠥᠷᠥᠯ ᠵᠡᠷᠭᠡ10 ᠨᠠᠮ ᠤᠨ ᠡᠭᠦᠷ᠂ 17 ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ 1 ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢ  ᠰᠢᠨ᠎ᠡ ᠪᠠᠷ ᠪᠠᠶᠢᠭᠤᠯᠪᠠ᠃ ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠨᠳᠦᠰᠦᠯᠡᠨ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠵᠤ᠂ ᠪᠠᠶᠢᠩᠭᠤ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠭᠤᠣᠯᠳᠠᠯᠭ᠎ᠠ ᠲᠠᠢ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠪᠠ᠃ 25ᠨᠡᠷᠡᠰ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢ ᠰᠣᠩᠭᠤᠨ ᠲᠣᠮᠢᠯᠠᠵᠤ᠂ 63 ᠨᠡᠷᠡᠰ ᠨᠠᠮ ᠤᠨ ᠠᠵᠢᠯ ᠤᠨ ᠠᠵᠢᠯᠲᠠᠨ ᠢ ᠨᠥᠭᠡᠴᠡᠯᠡᠵᠦ᠂ ᠪᠣᠯᠪᠠᠰᠤᠷᠠᠭᠤᠯᠤᠨ ᠵᠢᠯᠤᠭᠤᠳᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠰᠢᠨ᠎ᠡ ᠪᠠᠷ ᠬᠥᠭᠵᠢᠭᠰᠡᠨ  ᠠᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃    ᠰᠢᠯᠢᠳᠡᠭ ᠠᠴᠢᠶᠠᠯᠠᠪᠤᠷᠢ ᠡᠭᠦᠳᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠪᠠ᠃ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠲᠦᠷᠦ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠯᠠᠮᠵᠢᠯᠠᠨ ᠬᠠᠶᠢᠷᠠᠯᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠤᠨ᠂ ︽ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠬᠠᠯᠠᠮᠵᠢᠯᠠᠨ ᠤᠷᠮᠠᠰᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠤᠯᠤᠰ ᠲᠦᠷᠦ ᠶᠢᠨ ᠲᠠᠯ᠎ᠠ ᠪᠠᠷ ᠣᠷᠮᠠᠰᠢᠭᠤᠯᠬᠤ᠂ ᠠᠵᠢᠯ ᠤᠨ ᠲᠠᠯ᠎ᠠ ᠪᠠᠷ ᠳᠡᠮᠵᠢᠬᠦ᠂ ᠬᠠᠷᠠᠭᠠᠯᠵᠠᠯ ᠢ ᠪᠠᠲᠣᠯᠠᠬᠤ᠂ ᠰᠡᠳᠬᠢᠴᠡ ᠶᠢᠨ ᠲᠠᠯ᠎ᠠ ᠪᠠᠷ ᠬᠠᠯᠠᠮᠵᠢᠯᠠᠬᠤ ᠵᠡᠷᠭᠡ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠪᠠᠲᠤᠯᠠᠪᠠ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠵᠣᠴᠢᠳ ᠤᠨ ᠪᠠᠭᠤᠳᠠᠯ ᠬᠤᠳᠠᠯᠳᠤᠭ᠎ᠠ ᠬᠡᠲᠦ ᠳᠡᠯᠭᠡᠭᠦᠷ ᠵᠡᠷᠭᠡ ᠲᠠᠪᠴᠠᠩ ᠳᠤ ᠲᠦᠰᠢᠭᠯᠡᠨ᠂ 22 ︽ᠤᠯᠠᠭᠠᠨ ᠤᠯᠠᠭ᠎ᠠ ᠥᠷᠲᠡᠭᠡ︾ ᠪᠠᠶᠢᠭᠤᠯᠵᠤ᠂ ᠤᠰᠤ ᠴᠡᠪᠡᠷᠵᠢᠭᠦᠯᠬᠦ ᠮᠠᠰᠢᠨ᠂ ᠡᠮᠴᠢᠯᠡᠭᠡᠨ ᠤ ᠬᠠᠶᠢᠷᠴᠠᠭ ᠵᠡᠷᠭᠡ ᠪᠠᠶᠢᠩᠭᠤ ᠬᠡᠷᠡᠭᠯᠡᠬᠦ ᠪᠡᠯᠡᠳᠬᠡᠮᠵᠢ ᠶᠢ ᠲᠣᠬᠢᠷᠠᠭᠤᠯᠤᠨ᠂ ᠲᠦᠷᠭᠡᠨ ᠬᠦᠷᠭᠡᠯᠲᠡ ᠶᠢᠨ ᠠᠬ᠎ᠠ᠂ ᠠᠴᠢᠶᠠᠨ ᠤ ᠮᠠᠰᠢᠨ ᠤ ᠵᠢᠯᠣᠭᠤᠴᠢ ᠵᠡᠷᠭᠡ ᠬᠥᠮᠥᠰ ᠲᠤ ᠬᠠᠯᠠᠭᠤᠨ ᠢᠳᠡᠭᠡᠨ ᠤᠮᠳᠠᠭᠠᠨ᠂ ᠠᠭᠠᠬᠢᠮ᠎ᠠ ᠬᠠᠯᠠᠭᠤᠨ ᠲᠡᠰᠬᠢᠮ᠎ᠡ ᠬᠦᠢᠲᠡᠨ ᠠᠴᠠ ᠵᠠᠶᠢᠯᠠᠬᠤ᠂ ᠬᠦᠯ ᠠᠮᠠᠷᠠᠬᠤ ᠵᠡᠷᠭᠡ ᠦᠢᠯᠡᠴᠢᠯᠡᠭᠡ ᠶᠢ 700 ᠭᠠᠷᠣᠢ ᠤᠳᠠᠭ᠎ᠠ ᠬᠠᠩᠭᠠᠪᠠ᠃ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠤᠷᠪᠠᠯᠵᠢᠨ ᠴᠡᠴᠡᠷᠯᠢᠭ ᠲᠤ ᠫᠠᠶᠢᠰᠠ ᠡᠯᠭᠦᠨ ︽ᠳᠤᠯᠠᠭᠠᠯᠠᠬᠤ ᠤᠯᠠᠭ᠎ᠠ ᠦᠷᠲᠡᠭᠡ︾ ︽ᠡᠮᠡᠭᠲᠡᠶᠢᠴᠦᠳ ᠤᠨ ᠪᠠᠭ᠎ᠠ ᠭᠡᠷ︾ ᠪᠠᠶᠢᠭᠤᠯᠵᠤ᠂ ︽ᠲᠦᠷᠭᠡᠨ ᠬᠦᠷᠭᠡᠭᠴᠢ ᠳᠤ ᠬᠠᠯᠠᠮᠵᠢ ᠬᠦᠷᠭᠡᠬᠦ︾ ︽ᠵᠠᠭᠤᠨ ᠠᠵᠤ ᠠᠬᠤᠶᠢᠯᠠᠯ ᠤᠨ ᠰᠡᠳᠬᠢᠯ ᠢ ᠳᠤᠯᠠᠭᠠᠯᠠᠬᠤ︾ ︽ᠬᠠᠪᠤᠷ ᠤᠨ ᠬᠠᠯᠠᠮᠵᠢ ᠬᠦᠷᠭᠡᠬᠦ︾ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ 26 ᠲᠠᠯᠠᠪᠤᠷ ᠤᠳᠠᠭ᠎ᠠ 3043 ᠬᠥᠮᠥᠨ ᠤᠷᠤᠯᠴᠠᠪᠠ᠃ ᠰᠢᠨ᠎ᠡ ᠪᠠᠷ ᠠᠵᠢᠯ ᠣᠯᠣᠭᠰᠠᠨ ᠬᠠᠮᠲᠤᠯᠢᠭ ᠤᠨ ᠠᠵᠢᠯ ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠰᠢᠨ᠎ᠡ ᠪᠠᠷ ᠠᠵᠢᠯ ᠣᠯᠣᠭᠰᠠᠨ ᠬᠠᠮᠲᠤᠯᠢᠭ ᠢ ᠵᠣᠬᠢᠶᠠᠨ ᠪᠠᠶᠢᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ 2000 ᠭᠠᠷᠤᠢ ᠬᠥᠮᠥᠨ ᠤᠳᠠᠭ᠎ᠠ ᠣᠷᠣᠯᠴᠠᠭᠤᠯᠵᠤ᠂ ᠰᠢᠨ᠎ᠡ ᠪᠠᠷ ᠠᠵᠢᠯ ᠣᠯᠣᠭᠰᠠᠨ ᠬᠠᠮᠲᠤᠯᠢᠭ ᠤᠨ ᠬᠠᠷᠢᠶᠠᠯᠠᠭᠳᠠᠬᠤ ᠰᠡᠳᠬᠢᠯᠭᠡ ᠪᠠ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠵᠠᠰᠠᠯᠲᠠ ᠳᠤ ᠠᠭᠤᠰᠤᠯᠴᠠᠬᠤ ᠶᠢ ᠪᠠᠷᠢᠮᠲᠠᠯᠠᠵᠤ᠂ ᠬᠥᠭᠵᠢᠯᠲᠡ ᠶᠢ ᠬᠠᠮᠲᠤᠪᠠᠷ ᠠᠬᠢᠭᠤᠯᠪᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠥᠮᠥᠰ ᠤᠨ ᠵᠡᠭᠡᠯᠢ ᠭᠤᠳᠤᠮᠵᠢ ᠪᠠᠷ ᠲᠣᠭᠤᠷᠢᠬᠤ᠂ ᠭᠡᠷ ᠡᠷᠦᠬᠡ ᠳᠤ ᠣᠷᠣᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠭᠡᠰᠢᠭᠦᠨ ᠢ ᠲᠣᠣᠷ ᠤᠨ ᠠᠵᠢᠯᠲᠠᠨ ᠤ ᠡᠩᠨᠡᠭᠡ ᠳᠤ ᠣᠷᠣᠭᠤᠯᠵᠤ ᠲᠤᠰᠢᠶᠠᠯ ᠬᠠᠪᠰᠣᠷᠭᠠᠨ᠂ ᠬᠠᠮᠲᠤᠷᠠᠭᠰᠠᠨ ᠬᠤᠷᠠᠯ  ᠬᠡᠷᠡᠭ ᠵᠥᠪᠯᠡᠵᠦ ᠵᠣᠬᠢᠴᠠᠭᠤᠯᠬᠤ ᠵᠡᠷᠭᠡ ᠳᠦᠷᠢᠮ ᠪᠠᠶᠢᠭᠤᠯᠵᠤ᠂ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠪᠦᠬᠦ ᠲᠠᠯ᠎ᠠ ᠪᠠᠷ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽ᠨᠡᠭᠦᠳᠡᠯ ᠬᠠᠶᠢᠭᠤᠷ︾ ᠪᠣᠯᠭᠠᠪᠠ᠂ ᠤᠷᠢᠳ ᠬᠤᠵᠢᠳ 360 ᠭᠠᠷᠤᠢ ᠬᠥᠮᠥᠨ ᠤᠳᠠᠭ᠎ᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ  ᠵᠣᠬᠢᠶᠠᠨ ᠪᠠᠶᠢᠭᠤᠯᠵᠤ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠬᠦᠴᠦᠨ ᠨᠡᠮᠡᠷᠢᠯᠡᠬᠦ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠪᠠ᠃ ᠣᠳᠣᠨ ᠲᠠᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ︽ᠵᠥᠭᠡᠢ ᠶᠢᠨ ᠪᠠᠯ︾ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠢ ᠪᠠᠶᠢᠭᠤᠯᠤᠨ᠂ ᠰᠢᠨ᠎ᠡ ᠪᠠᠷ ᠠᠵᠢᠯ ᠣᠯᠣᠭᠰᠠᠨ ᠬᠠᠮᠲᠤᠯᠢᠭ ᠤᠨ ︽ᠭᠠᠷ ᠤᠨ ᠠᠶ᠎ᠠ ᠪᠠᠷ ᠰᠡᠭᠦᠳᠡᠷᠯᠡᠬᠦ︾ ᠬᠡᠯᠪᠡᠷᠢ ᠪᠠᠷ ᠦᠨᠳᠦᠰᠦᠨ ᠱᠠᠲᠤᠨ ᠤ ᠠᠰᠠᠭᠤᠳᠠᠯ ᠢ ᠲᠤᠰᠬᠠᠵᠤ ᠬᠤᠪᠢ ᠬᠤᠷᠠᠮᠳᠤᠭᠤᠯᠬᠤ ᠶᠢ ᠵᠣᠷᠢᠭᠵᠢᠭᠤᠯᠵᠤ᠂ ᠰᠢᠨ᠎ᠡ ᠪᠠᠷ ᠠᠵᠢᠯ ᠣᠯᠣᠭᠰᠠᠨ ᠬᠠᠮᠲᠤᠯᠢᠭ ᠤᠨ ᠦᠨᠳᠦᠰᠦᠨ ᠱᠠᠲᠤᠨ ᠤ ᠵᠠᠰᠠᠯᠲᠠ ᠳᠤᠮᠳᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠥᠨ ᠵᠢᠯᠣᠭᠤᠳᠪᠠ᠃ ᠨᠡᠶᠢᠲᠡᠯᠢᠭ ᠵᠢᠱᠢᠶ᠎ᠡ ᠶᠢ ᠪᠣᠶᠢᠵᠢᠭᠤᠯᠬᠤ ᠶᠢ ᠴᠢᠬᠤᠯᠠᠴᠢᠯᠠᠵᠤ᠂ ᠲᠠᠨᠢᠯᠴᠠᠭᠤᠯᠬᠤ᠂ ᠰᠢᠯᠭᠠᠷᠠᠭᠤᠯᠬᠤ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠴᠢᠩᠭ᠎ᠠ ᠠᠳᠬᠤᠵᠤ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠳᠤ ᠦᠢᠯᠡᠳᠦᠯ ᠨᠢ ᠢᠯᠡᠷᠬᠡᠢ᠂ ᠢᠯᠡᠷᠡᠯ ᠨᠢ ᠲᠣᠪᠣᠶᠢᠮ᠎ᠠ ︽ᠬᠠᠮᠤᠭ ᠤᠨ ᠭᠤᠶᠣ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠳᠡᠯᠮᠦᠷᠢᠴᠢᠨ︾ ᠢ 10 ᠰᠢᠯᠭᠠᠷᠠᠭᠤᠯᠤᠨ ᠬᠥᠬᠢᠭᠦᠯᠵᠦ᠂ ᠸᠢᠴᠠᠲ᠂ ᠲᠧᠯᠸᠢᠰ᠂ ᠰᠦᠯᠵᠢᠶ᠎ᠡ ᠵᠡᠷᠭᠡ ᠲᠠᠪᠴᠠᠩ ᠢ ᠭᠦᠢᠴᠡᠳ ᠠᠰᠢᠭᠯᠠᠨ᠂ ᠱᠠᠩᠨᠠᠯ ᠬᠦᠷᠲᠡᠭᠰᠡᠳ ᠤᠨ ᠦᠶᠯᠡ ᠠᠵᠢᠯᠯᠠᠭ᠎ᠠ ᠶᠢ ᠦᠷᠭᠦᠯᠵᠢᠯᠡᠨ ᠳᠡᠯᠭᠡᠨ ᠨᠠᠪᠲᠠᠷᠡᠭᠦᠯᠵᠦ᠂ ︽ᠰᠢᠨ᠎ᠡ ᠠᠵᠢᠯ ᠲᠥᠷᠦᠯ︾ ᠢ ᠬᠠᠯᠠᠮᠵᠢᠯᠠᠨ ᠬᠠᠶᠢᠷᠠᠯᠠᠬᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号