| ᠣᠶᠢᠷ᠎ᠠ ᠳᠤ᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠳ᠋ᠢᠶᠠᠨ ᠪᠣᠤ ᠵᠢᠦᠢ ᠲᠣᠰᠬᠤᠨ ᠤ ᠳᠣᠯᠠᠭᠠᠨ | ᠬᠦᠯᠡᠮᠵᠢ ᠶᠢᠨ ᠥᠷᠭᠡᠰᠦᠲᠦ ᠬᠡᠮᠬᠡ ᠪᠣᠯᠪᠠᠰᠤᠷᠠᠬᠤ ᠬᠤᠭᠤᠴᠠᠭᠠᠨ ᠳᠠᠭᠠᠨ ᠣᠷᠣᠵᠤ᠂ ᠨᠣᠭᠤᠭ᠎ᠠ ᠶᠢᠨ ᠲᠠᠷᠢᠶᠠᠴᠢᠳ | ᠥᠷᠭᠡᠰᠦᠲᠦ ᠬᠡᠮᠬᠡ ᠶᠢᠨ ᠵᠢᠶᠠᠰᠠᠨ ᠳᠣᠣᠷ᠎ᠠ ᠶᠠᠭᠠᠷᠠᠯᠲᠠᠢ ᠰᠦᠯᠵᠢᠯᠳᠦᠨ᠂ ᠰᠢᠨ᠎ᠡ ᠰᠣᠷᠭᠤᠭ ᠥᠷᠭᠡᠰᠦᠲᠦ ᠬᠡᠮᠬᠡ ᠶᠢ | ᠰᠠᠭᠰᠤ ᠳᠤ ᠪᠠᠨ ᠲᠡᠭᠦᠵᠦ᠂ ᠬᠦᠯᠡᠮᠵᠢ ᠠᠴᠠ ᠪᠠᠨ ᠭᠠᠷᠭᠠᠵᠤ᠂ ᠵᠠᠬ᠎ᠠ ᠳᠡᠯᠭᠡᠭᠦᠷ ᠲᠤ ᠬᠠᠩᠭᠠᠵᠤ ᠪᠠᠶᠢᠨ᠎ᠠ᠃ | | | ᠳ᠋ᠢᠶᠠᠨ ᠪᠣᠤ ᠵᠢᠦᠢ ᠲᠣᠰᠬᠤᠨ ᠤ ᠳᠣᠯᠠᠭᠠᠨ ᠬᠦᠯᠡᠮᠵᠢ ᠳᠤ ᠪᠠᠨ ᠥᠷᠭᠡᠰᠦᠲᠦ ᠬᠡᠮᠬᠡ ᠲᠠᠷᠢᠭᠰᠠᠨ ᠯᠢ ᠶᠢᠩ ᠯᠢ | ᠡᠨᠡ ᠬᠡᠳᠦᠨ ᠡᠳᠦᠷ ᠶᠠᠭᠠᠷᠠᠯᠲᠠᠢ ᠪᠠᠶᠢᠵᠤ᠂ ᠬᠤᠶᠠᠷ ᠡᠳᠦᠷ ᠠᠯᠤᠰᠯᠠᠬᠤ ᠪᠦᠷᠢ ᠬᠦᠯᠡᠮᠵᠢ ᠳᠤ ᠪᠠᠨ ᠣᠷᠣᠵᠤ | ᠪᠣᠯᠪᠠᠰᠤᠷᠠᠭᠰᠠᠨ ᠥᠷᠭᠡᠰᠦᠲᠦ ᠬᠡᠮᠬᠡ ᠪᠠᠨ ᠲᠡᠭᠦᠵᠦ᠂ ᠬᠠᠶᠢᠷᠴᠠᠭ ᠲᠤ ᠰᠠᠪᠠᠯᠠᠵᠤ᠂ ᠬᠤᠳᠠᠯᠳᠤᠭᠠᠴᠢᠨ ᠢᠷᠡᠵᠤ | ᠬᠤᠳᠠᠯᠳᠤᠨ ᠠᠪᠬᠤ ᠶᠢ ᠬᠦᠯᠢᠶᠡᠳᠡᠭ᠃ | | | ︽ᠮᠠᠨ ᠤ ᠭᠡᠷ 5 ᠬᠦᠯᠡᠮᠵᠢ ᠲᠠᠢ᠂ ᠨᠢᠭᠡ ᠬᠦᠯᠡᠮᠵᠢ ᠪᠠᠷᠤᠭ ᠬᠤᠶᠠᠷ ᠮᠦ ᠲᠠᠷᠢᠶ᠎ᠠ ᠲᠠᠢ᠂ ᠲᠤᠰ ᠪᠦᠷᠢ | ᠥᠷᠭᠡᠰᠦᠲᠦ ᠬᠡᠮᠬᠡ᠂ ᠲᠥᠪᠡᠳ ᠬᠠᠰᠢ ᠵᠡᠷᠭᠡ ᠢᠳᠡᠰᠢᠨ ᠨᠣᠭᠤᠭ᠎ᠠ ᠲᠠᠷᠢᠵᠦ᠂ ᠵᠢᠯ ᠤᠨ ᠣᠷᠣᠯᠭ᠎ᠠ 10 ᠭᠠᠷᠤᠢ | ᠲᠦᠮᠡᠨ ᠲᠥᠭᠦᠷᠢᠭ ᠲᠤ ᠬᠦᠷᠦᠨ᠎ᠡ︾ ᠭᠡᠵᠦ ᠯᠢ ᠶᠢᠩ ᠯᠢ ᠬᠡᠯᠡᠪᠡ᠃ ᠬᠠᠮᠢᠶᠠᠷᠤᠯᠲᠠ ᠰᠠᠶᠢᠲᠠᠢ ᠳᠣᠯᠠᠭᠠᠨ ᠬᠦᠯᠡᠮᠵᠢ | ᠨᠢᠭᠡᠪᠦᠷᠢ ᠠᠴᠠ ᠬᠤᠷᠢᠶᠠᠬᠤ ᠬᠤᠭᠤᠴᠠᠭᠠᠨ ᠳᠤ ᠥᠷᠭᠡᠰᠦᠲᠦ ᠬᠡᠮᠬᠡ ᠶᠢᠨ ᠡᠳᠦᠷ ᠤᠨ ᠳᠤᠮᠳᠠᠴᠢ ᠤᠨᠠᠯᠲᠠ 400 | ᠭᠠᠷᠤᠢ ᠵᠢᠩ ᠬᠦᠷᠴᠦ᠂ ᠳᠣᠯᠠᠭᠠᠨ ᠬᠦᠯᠡᠮᠵᠢ ᠶᠢᠨ ᠥᠷᠭᠡᠰᠦᠲᠦ ᠬᠡᠮᠬᠡ ᠶᠢᠨ ᠬᠤᠷᠢᠶᠠᠬᠤ ᠬᠤᠭᠤᠴᠠᠭ᠎ᠠ ᠨᠢ 6 ᠰᠠᠷ᠎ᠠ | ᠭᠠᠷᠣᠢ ᠪᠠᠶᠢᠬᠤ ᠲᠤᠯᠠ᠂ ᠯᠢ ᠶᠢᠩ ᠯᠢ ᠶᠢᠨ ᠪᠠᠷᠤᠭᠴᠠᠭᠠᠯᠠᠭᠰᠠᠨ ᠢᠶᠠᠷ᠂ ᠨᠢᠭᠡ ᠬᠦᠯᠡᠮᠵᠢ ᠠᠴᠠ ᠨᠢᠭᠡ ᠵᠢᠯ ᠳᠤ | ᠬᠠᠮᠤᠭ ᠪᠠᠭ᠎ᠠ ᠳᠠᠭᠠᠨ 2 ᠲᠦᠮᠡᠨ ᠲᠥᠭᠦᠷᠢᠭ ᠤᠨ ᠣᠷᠣᠯᠭ᠎ᠠ ᠣᠯᠵᠤ ᠲᠠᠶᠢᠯᠤᠨ᠎ᠠ᠃ | | | ᠳᠣᠯᠠᠭᠠᠨ ᠬᠦᠯᠡᠮᠵᠢ ᠶᠢᠨ ᠢᠳᠡᠰᠢᠨ ᠨᠣᠭᠤᠭ᠎ᠠ ᠳᠠᠷᠢᠬᠤ ᠪᠣᠯ ᠳ᠋ᠢᠶᠠᠨ ᠪᠣᠤ ᠵᠢᠦᠢ ᠲᠣᠰᠬᠤᠨ ᠤ ᠭᠤᠣᠯᠯᠠᠬᠤ | ᠠᠵᠤ ᠦᠢᠯᠡᠰ ᠪᠣᠯᠣᠨ᠎ᠠ᠃ ᠳ᠋ᠢᠶᠠᠨ ᠪᠣᠤ ᠵᠢᠦᠢ ᠲᠣᠰᠬᠤᠨ ᠳᠤ᠂ ᠳᠣᠯᠠᠭᠠᠨ ᠬᠦᠯᠡᠮᠵᠢ ᠶᠢᠨ ᠢᠳᠡᠰᠢᠨ ᠨᠣᠭᠤᠭ᠎ᠠ | ᠲᠠᠷᠢᠬᠤ ᠲᠠᠯᠠᠪᠠᠢ 30 ᠮᠦ ᠶᠢ ᠳᠠᠪᠠᠵᠤ᠂ ᠲᠣᠰᠬᠤᠨ ᠤ ᠠᠷᠠᠳ ᠤᠨ ︽ᠨᠣᠭᠤᠭ᠎ᠠ ᠶᠢᠨ ᠰᠠᠭᠰᠤ︾ ᠶᠢ | ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠨᠣᠭᠤᠭ᠎ᠠ ᠶᠢᠨ ᠲᠠᠷᠢᠶᠠᠴᠢᠳ ᠤᠨ︽ᠵᠣᠭᠤᠰᠤᠨ ᠪᠤᠭᠴᠣ︾ ᠶᠢ | ᠭᠦᠳᠦᠶᠢᠯᠭᠡᠪᠡ᠃ | | |