| 3 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ ᠶᠢ ᠲᠠᠮᠫᠣᠷᠠᠭᠤᠯᠵᠤ ᠲᠠᠬᠢᠨ ᠴᠡᠭᠴᠡᠯᠡᠨ ᠨᠡᠶᠢᠯᠡᠭᠦᠯᠵᠤ ᠡᠳ᠋ ᠬᠥᠷᠥᠩᠭᠡ ᠶᠢ ᠲᠤᠰᠢᠶᠠᠬᠤ ᠪᠠ | ᠭᠥᠯᠢᠶᠡᠨ ᠠᠪᠬᠤ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ | ᠳᠠᠷᠤᠭ᠎ᠠ ᠯᠢ ᠶᠦᠩ ᠬᠠᠢ ᠪᠣᠯᠣᠨ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠰᠢᠭᠦᠬᠦ ᠬᠤᠷᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰᠢᠶᠠᠬᠤ ᠪᠠ ᠭᠥᠯᠢᠶᠡᠨ | ᠠᠪᠬᠤ ᠶᠣᠰᠣᠯᠠᠯ ᠳᠤ ᠣᠷᠣᠯᠴᠠᠪᠠ᠃ | | | ᠪᠠᠲᠤ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ᠂ ᠺᠠᠩ ᠨᠠᠢ ᠡᠯ ᠤᠨ ᠲᠦᠷᠦᠯ ᠵᠦᠢᠯ ᠢ ︽ | ᠵᠠᠰᠠᠭ ᠤᠨ ᠤᠷᠳᠣᠨ ᠪᠠ ᠰᠢᠭᠦᠬᠦ ᠬᠤᠷᠢᠶ᠎ᠠ ᠬᠤᠯᠪᠤᠭᠠᠯᠠᠨ ᠬᠥᠳᠡᠯᠦᠯᠴᠡᠬᠦ︾ ᠲᠡᠰ ᠳᠠᠷᠠᠭᠠᠯᠠᠯ ᠢᠶᠠᠷ ᠳᠠᠮᠵᠢᠭᠤᠯᠵᠤ᠂ | ᠬᠠᠤᠯᠢ ᠲᠣᠭᠲᠠᠭᠠᠯ ᠶᠣᠰᠣᠭᠠᠷ ᠺᠠᠩ ᠨᠠᠢ ᠡᠯ ᠺᠣᠮᠫᠠᠨᠢ ᠶᠢ ᠳᠠᠮᠫᠤᠷᠠᠭᠤᠯᠵᠤ ᠲᠠᠬᠢᠨ ᠴᠡᠭᠴᠡᠯᠡᠨ ᠨᠡᠶᠢᠯᠡᠭᠦᠯᠵᠦ ᠶᠢ | ᠪᠡᠶᠡᠯᠡᠭᠦᠯᠵᠡᠢ᠂ ᠡᠨᠡ ᠨᠢ ᠲᠤᠰ ᠲᠦᠷᠦᠯ ᠵᠦᠢᠯ ᠤᠨ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠭᠰᠡᠨ ᠢ ᠬᠠᠷᠠᠭᠤᠯᠵᠤ | ᠪᠠᠶᠢᠨ᠎ᠠ᠃ ︽ᠲᠠᠪᠤ ᠶᠢ ᠦᠨᠳᠦᠰᠦᠨ ᠠᠴᠠ ᠨᠢ ᠡᠬᠢᠯᠡᠭᠦᠯᠬᠦ︾ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠤᠷᠤᠭᠰᠢᠲᠠᠢ ᠪᠠᠷ ᠪᠡᠶᠡᠯᠡᠭᠦᠯᠪᠡ᠃ ᠳ᠋ᠦᠩ ᠬᠤᠸᠠ ᠰᠢᠨᠵᠢᠯᠡᠭᠡ | ᠮᠡᠷᠭᠡᠵᠢᠯ ᠤᠨ ᠺᠣᠮᠫᠠᠨᠢ ᠶᠢᠨ ᠬᠢᠨ ᠦᠷᠭᠦᠯᠵᠢᠯᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠡᠷᠬᠡᠪᠰᠢ ᠲᠠᠰᠤᠯᠳᠠᠭᠤᠯᠬᠤ ᠦᠭᠡᠢ᠂ ᠠᠵᠢᠯ ᠵᠣᠭᠰᠤᠭᠠᠬᠤ ᠦᠭᠡᠢ ᠪᠠᠶᠢᠬᠤ ᠶᠢ ᠪᠡᠶᠡᠯᠡᠭᠦᠯᠵᠦ᠂ 2023 ᠣᠨ ᠤ | 12 ᠰᠠᠷ᠎ᠠ ᠶᠢᠨ 31 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠺᠠᠩ ᠨᠠᠢ ᠡᠯ ᠤᠨ ᠵᠢᠯ ᠳᠤ 30 ᠲᠦᠮᠡᠨ | ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠦᠷᠦᠯ ᠵᠦᠢᠯ ᠢ ᠪᠠᠷᠢᠮᠵᠢᠶ᠎ᠠ ᠳᠤ ᠬᠦᠷᠭᠡᠵᠦ | ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠬᠠᠮᠢᠶᠠᠷᠤᠭᠴᠢ ᠶᠢᠨ ᠪᠦᠯᠬᠦᠮ ᠬᠢᠨ ᠲᠦᠩᠯᠢᠶᠣᠣ | ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠵᠢᠯᠣᠭᠤᠳᠤᠯᠭ᠎ᠠ ᠪᠠ ᠬᠢᠨᠠᠯᠲᠠ ᠶᠢᠨ ᠳᠣᠣᠷ᠎ᠠ᠂ | ᠳ᠋ᠦᠩ ᠬᠤᠸᠠ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠦᠷᠭᠦᠯᠵᠢᠯᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ | ᠠᠵᠢᠯ ᠳᠤ ᠬᠠᠤᠯᠢ ᠶᠣᠰᠣᠭᠠᠷ ᠪᠥᠬᠦ ᠬᠦᠴᠦᠨ ᠢᠶᠠᠷ ᠢᠶᠠᠨ ᠬᠠᠮᠵᠢᠯᠴᠠᠬᠤ ᠬᠡᠷᠡᠭᠲᠡᠢ ᠭᠡᠪᠡ᠃ | | | ᠪᠠᠲᠤ ᠱᠠᠭᠠᠷᠳᠠᠭᠰᠠᠨ ᠨᠢ᠂ ᠬᠠᠮᠢᠶᠠᠷᠤᠭᠴᠢ ᠶᠢᠨ ᠪᠦᠯᠬᠦᠮ ᠬᠢᠨ ᠪᠣᠯᠣᠨ ᠳ᠋ᠦᠩ ᠬᠤᠸᠠ ᠺᠣᠮᠫᠠᠨᠢ ᠲᠠᠬᠢᠨ | ᠴᠡᠭᠴᠡᠯᠡᠨ ᠨᠡᠶᠢᠯᠡᠭᠦᠯᠵᠦ ᠲᠥᠯᠥᠪᠯᠡᠭᠡ ᠶᠢᠨ ᠠᠭᠤᠯᠭ᠎ᠠ ᠶᠢ ᠴᠢᠩᠭ᠎ᠠ ᠭᠦᠢᠴᠡᠳᠬᠡᠵᠦ᠂ ᠥᠪᠥᠷ ᠮᠣᠩᠭᠤᠯ ᠤᠨ ᠺᠠᠩ | ᠨᠠᠢ ᠡᠯ ᠤᠨ ᠠᠪᠴᠠᠭ᠎ᠠ ᠥᠭᠴᠡᠭᠡᠨ ᠤ ᠠᠵᠢᠯ ᠢ ᠭᠠᠷᠳᠠᠨ ᠬᠢᠵᠦ ᠲᠥᠯᠥᠵᠦ ᠴᠡᠪᠡᠷᠯᠡᠬᠦ ᠠᠵᠢᠯ ᠢ ᠡᠬᠢᠯᠡᠭᠦᠯᠵᠦ᠂ | ᠭᠤᠣᠯᠳᠠᠭᠤ ᠠᠵᠢᠯᠲᠠᠨ ᠠᠵᠢᠯᠴᠢᠨ ᠤ ᠴᠠᠯᠢᠩ ᠪᠣᠯᠣᠨ ᠭᠠᠶᠢᠯᠢ ᠲᠠᠲᠠᠪᠤᠷᠢ ᠥᠷᠲᠥᠵᠦ ᠪᠠᠶᠢᠭ᠎ᠠ ᠵᠡᠷᠭᠡ ᠤᠯᠠᠨ | ᠲᠦᠮᠡᠨ ᠤ ᠴᠢᠨᠠᠷᠲᠠᠢ ᠠᠰᠢᠭ ᠲᠤᠰᠠ ᠪᠣᠯᠣᠨ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠯᠪᠣᠭᠳᠠᠭᠰᠠᠨ | ᠠᠪᠴᠠᠭᠠᠨ ᠤ ᠠᠵᠢᠯ ᠢ ᠠᠩᠬᠠᠷᠴᠤ᠂ ᠨᠡᠶᠢᠭᠡᠮ ᠤᠨ ᠲᠣᠭᠲᠠᠭᠤᠨ ᠢ ᠨᠦᠯᠦᠭᠡᠯᠡᠬᠦ ᠳᠠᠯᠳᠠ ᠭᠡᠮ ᠶᠢ ᠠᠷᠢᠯᠭᠠᠬᠤ | ᠬᠡᠷᠡᠭᠲᠡᠢ︔ ᠥᠪᠥᠷ ᠮᠣᠩᠭᠤᠯ ᠤᠨ ᠺᠠᠩ ᠨᠠᠢ ᠡᠯ ᠤᠨ ᠭᠠᠶᠢᠯᠢ ᠲᠠᠲᠠᠪᠤᠷᠢ ᠶᠢᠨ ᠢᠲᠡᠭᠡᠮᠵᠢ ᠪᠣᠯᠣᠨ ᠮᠥᠩᠭᠦᠨ | ᠭᠦᠢᠯᠭᠡᠭᠡᠨ ᠤ ᠢᠲᠡᠭᠡᠮᠵᠢ ᠶᠢ ᠰᠡᠷᠭᠦᠭᠡᠨ ᠵᠠᠰᠠᠬᠤ ᠠᠵᠢᠯ ᠢ ᠭᠠᠷᠳᠠᠨ ᠬᠢᠵᠦ᠂ ᠵᠠᠰᠠᠭ ᠤᠨ ᠣᠷᠳᠣᠨ ᠠᠴᠠ ᠴᠢᠬᠤᠯᠠ | ᠪᠦᠬᠦᠢ ᠳᠡᠮᠵᠢᠯᠭᠡ ᠦᠵᠡᠭᠦᠯᠵᠦ᠂ ᠥᠪᠥᠷ ᠮᠣᠩᠭᠤᠯ ᠤᠨ ᠺᠠᠩ ᠨᠠᠢ ᠡᠯ ᠤᠨ ᠡᠷᠡᠭᠦᠯ ᠢᠶᠠᠷ ᠦᠰᠦᠨ ᠪᠣᠶᠢᠵᠢᠬᠤ ᠶᠢ | ᠪᠠᠲᠣᠯᠠᠬᠤ ᠬᠡᠷᠡᠭᠲᠡᠢ︔ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃ | | | ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ᠂ ᠲᠦᠩᠯᠢᠶᠣᠣ ᠬᠤᠲᠠ ᠶᠢᠨ ᠠᠷᠠᠳ ᠤᠨ ᠳᠤᠮᠳᠠ | ᠵᠡᠷᠭᠡ ᠶᠢᠨ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠬᠢᠨᠠᠨ ᠲᠠᠰᠤᠯᠤᠯᠲᠠ ᠶᠢᠨ ᠪᠢᠴᠢᠭ ᠢ ᠤᠩᠰᠢᠪᠠ︔ ᠳ᠋ᠦᠩ | ᠬᠤᠸᠠ ᠢᠨᠵᠧᠨᠧᠷᠢᠩ ᠤᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠠᠮᠢᠶᠠᠷᠤᠭᠴᠢ ᠠᠴᠠ | ᠬᠠᠮᠢᠶ᠎ᠠ ᠪᠦᠬᠦᠢ ᠡᠳ᠋ ᠬᠥᠷᠥᠩᠭᠡ ᠶᠢᠨ ᠦᠨᠡᠮᠯᠡᠯ ᠢ ᠪᠠᠶᠢᠴᠠᠭᠠᠨ ᠰᠢᠯᠭᠠᠪᠠ︔ ︽ᠲᠤᠰᠢᠶᠠᠬᠤ ᠪᠠ ᠭᠥᠯᠢᠶᠡᠨ ᠠᠪᠬᠤ | ᠨᠠᠷᠢᠨ ᠲᠠᠩᠰᠠ︾ ᠳᠤ ᠭᠠᠷ ᠤᠨ ᠥᠰᠥᠭ ᠵᠢᠷᠤᠪᠠ︔ ᠲᠦᠩᠯᠢᠶᠣᠣ ᠬᠤᠲᠠ ᠶᠢᠨ ᠠᠷᠠᠳ ᠤᠨ ᠳᠤᠮᠳᠠ ᠵᠡᠷᠭᠡ ᠶᠢᠨ | ᠰᠢᠭᠦᠬᠦ ᠬᠤᠷᠢᠶ᠎ᠠ ᠠᠴᠠ ᠥᠪᠥᠷ ᠮᠣᠩᠭᠤᠯ ᠤᠨ ᠺᠠᠩ ᠨᠠᠢ ᠡᠯ ᠤᠨ ᠳᠠᠬᠢᠨ ᠴᠡᠭᠴᠡᠯᠡᠨ ᠨᠡᠶᠢᠯᠡᠭᠦᠯᠵᠦ ᠵᠦᠢᠯᠡᠰ ᠤᠨ | ᠲᠤᠬᠠᠢ ᠵᠢᠯᠤᠭᠤᠳᠬᠤ ᠪᠠ ᠬᠢᠨᠠᠨ ᠵᠢᠯᠤᠭᠤᠳᠬᠤ ᠰᠠᠨᠠᠯ ᠳᠤᠷᠠᠳᠪᠠ︔ ᠳ᠋ᠦᠩ ᠬᠤᠸᠠ ᠢᠨᠵᠧᠨᠧᠷᠢᠩ ᠤᠨ | ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠺᠠᠩ ᠨᠠᠢ ᠡᠯ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ | ᠣᠪᠣᠷ ᠢᠶᠠᠨ ᠢᠯᠡᠳᠬᠡᠬᠦ ᠦᠭᠡ ᠬᠡᠯᠡᠪᠡ᠃ | | | ᠲᠣᠰ ᠲᠥᠷᠥᠯ ᠵᠦᠢᠯ ᠨᠢ ᠲᠠᠮᠫᠣᠷᠠᠭᠤᠯᠵᠤ ᠲᠠᠬᠢᠨ ᠴᠡᠭᠴᠡᠯᠡᠨ ᠨᠡᠶᠢᠯᠡᠭᠦᠯᠵᠤ ᠪᠠᠷ ᠳᠡᠮᠵᠢᠨ᠂ ᠠᠵᠤ | ᠠᠬᠤᠶᠢᠯᠠᠯ ᠤᠨ ᠪᠡᠯᠡ ᠣᠷᠣᠭᠤᠯᠤᠭᠰᠠᠨ 46 ᠳ᠋ᠦᠩᠰᠢᠭᠤᠷ ᠲᠥᠭᠦᠷᠢᠭ ᠵᠢᠴᠢ ᠣᠷᠣᠨ ᠨᠤᠲᠤᠭ ᠤᠨ ᠵᠠᠰᠠᠭ ᠤᠨ | ᠣᠷᠳᠣᠨ ᠤ ᠪᠡᠯᠡ ᠣᠷᠣᠭᠤᠯᠤᠭᠰᠠᠨ 21 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠭᠰᠠᠨ | ᠲᠣᠭᠤᠷᠢᠭ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠵᠡᠷᠭᠡ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ | ᠪᠣᠯᠭᠠᠭᠰᠠᠨ ᠢᠶᠠᠷ ᠪᠠᠷᠠᠬᠤ ᠦᠭᠡᠢ ᠪᠠᠰᠠ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠢ ᠳᠠᠶᠢᠴᠢᠯᠠᠨ | ᠪᠤᠰᠤᠳ ᠠᠵᠤ ᠦᠢᠯᠡᠰ ᠲᠠᠢ ᠡᠪᠰᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠳᠠᠮᠵᠢᠭᠤᠯᠤᠨ | ᠲᠦᠩᠯᠢᠶᠣᠣ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠯᠣᠨ᠎ᠠ᠃ | |