3 ᠰᠠᠷ᠎ᠠ ᠶᠢᠨ 20 ᠤ ᠡᠳᠦᠷ᠂ ᠦᠯᠵᠡᠶᠢᠮᠦ᠋ᠷᠡᠨ ᠰᠤᠮᠤ ᠶᠢᠨ ᠰᠤᠪᠤᠷᠭᠠᠨᠳᠠᠯᠠ ᠭᠠᠴᠠᠭ᠎ᠠ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠮᠡᠬᠡᠯᠡᠯ ᠢ | ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ | ᠠᠵᠢᠯᠯᠠᠭᠴᠢᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠳᠣᠬᠠᠨ ᠤ | ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠮᠡᠬᠡᠯᠡᠯ ᠤᠨ ᠭᠤᠣᠯ ᠲᠥᠷᠥᠯ ᠵᠦᠢᠯ᠂ ᠬᠡᠷᠡᠭ ᠬᠢᠬᠦ ᠠᠷᠭ᠎ᠠ ᠪᠠᠷᠢᠯ | ᠵᠢᠴᠢ ᠮᠡᠬᠡᠯᠡᠯ ᠢ ᠰᠡᠷᠭᠡᠶᠢᠯᠡᠬᠦ ᠵᠦᠭᠯᠡᠭᠦᠷ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠪᠣᠳᠠᠲᠠᠢ ᠬᠡᠷᠡᠭ ᠤᠨ | ᠵᠢᠱᠢᠶ᠎ᠡ ᠪᠠᠷ ᠨᠠᠰᠤᠳᠠᠶᠢᠴᠤᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠥᠪᠡᠷ ᠤᠨ ︽ᠵᠣᠭᠤᠰᠤᠨ ᠴᠦᠩᠬᠦ︾ | ᠪᠠᠨ ᠰᠠᠶᠢᠲᠤᠷ ᠬᠠᠮᠠᠭᠠᠯᠠᠵᠦ᠂ ︽ᠨᠠᠰᠤᠵᠢᠯ ᠤᠨ ᠠᠰᠠᠷᠠᠮᠵᠢ ᠶᠢᠨ ᠮᠦᠩᠬᠦ︾ ᠢᠶᠠᠨ ᠪᠠᠲᠤ ᠰᠠᠬᠢᠬᠤ ᠶᠢ ᠰᠠᠨᠠᠭᠤᠯᠪᠠ᠃ | | | | |