ᠵᠠᠷᠤᠳ ᠬᠤᠰᠢᠭᠤ ᠬᠤᠳᠠᠯᠳᠣᠭᠠᠴᠢᠨ ᠤᠷᠢᠵᠤ ᠪᠡᠯᠡ ᠲᠠᠲᠠᠬᠤ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/3/21
      3 ᠰᠠᠷ᠎ᠠ ᠶᠢᠨ 19 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠷᠠᠯ ᠤᠨ ᠭᠤᠣᠯ ᠡᠭᠦᠷᠭᠡ ᠪᠣᠯ ᠲᠦᠩᠯᠢᠶᠣᠣ ᠬᠤᠲᠠ ᠶᠢᠨ ᠬᠤᠳᠠᠯᠳᠣᠭᠠᠴᠢᠨ ᠤᠷᠢᠵᠤ ᠪᠡᠯᠡ ᠲᠠᠲᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠨᠠᠯ ᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠵᠠᠷᠤᠳ ᠬᠤᠰᠢᠭᠤᠨ ᠤ ᠠᠵᠢᠯ ᠤᠨ ᠬᠥᠭᠵᠢᠯᠲᠡ ᠶᠢᠨ ᠬᠡᠯᠪᠡᠷᠢ ᠶᠢᠨ ᠱᠠᠭᠠᠷᠳᠠᠯᠭ᠎ᠠ ᠳᠤ ᠲᠦᠷᠭᠡᠨ ᠵᠣᠬᠢᠴᠠᠵᠤ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠠᠮᠢᠶ᠎ᠠ ᠪᠦᠬᠦᠢ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠰᠤᠷᠤᠯᠴᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠢ ᠰᠠᠶᠢᠲᠤᠷ ᠬᠢᠬᠦ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠤᠨ ᠰᠢᠨ᠎ᠡ ᠪᠠᠶᠢᠳᠠᠯ ᠢ ᠡᠭᠦᠳᠦᠨ᠎ᠡ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠲᠠᠯᠠᠪᠠᠢ ᠶᠢᠨ ᠭᠤᠣᠯ ᠬᠠᠷᠢᠭᠤᠴᠠᠯᠭᠠᠲᠠᠨ ᠂ ᠡᠯ᠎ᠡ ᠲᠤᠰᠬᠠᠢ ᠮᠡᠷᠭᠡᠵᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠪᠥᠬᠦ ᠭᠡᠰᠢᠭᠦᠨ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠪᠥᠬᠦ ᠺᠠᠳ᠋ᠷ ᠬᠤᠷᠠᠯ ᠳᠤ ᠣᠷᠣᠯᠴᠠᠪᠠ᠃
c2d0720858af9839e22f2ac955a3169.jpg
    ᠬᠤᠷᠠᠯ ᠳᠡᠭᠡᠷ᠎ᠡ᠂ ᠯᠢ ᠶᠦᠩ ᠬᠠᠢ ᠪᠥᠬᠦ ᠬᠤᠰᠢᠭᠤᠨ ᠤ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠣᠯᠬᠤ᠂ ᠵᠥᠷᠢᠶ᠎ᠡ ᠪᠠᠨ ᠣᠨᠣᠪᠴᠢᠲᠠᠶ ᠡᠷᠢᠬᠦ᠂ ᠵᠠᠮ ᠱᠤᠭᠤᠮ ᠢᠶᠠᠨ ᠣᠨᠣᠪᠴᠢᠲᠠᠶ ᠡᠷᠢᠬᠦ᠂ ᠬᠤᠳᠠᠯᠳᠣᠭᠠᠴᠢᠨ ᠤᠷᠢᠬᠤ ᠴᠢᠭᠯᠡᠯ ᠢᠶᠠᠨ ᠲᠣᠳᠣᠷᠬᠠᠶᠢᠯᠠᠬᠤ ᠵᠢᠴᠢ ᠬᠤᠳᠠᠯᠳᠣᠭᠠᠴᠢᠨ ᠤᠷᠢᠬᠤ ᠳᠤ ᠠᠩᠬᠠᠷᠬᠤ ᠵᠦᠢᠯᠡᠰ ᠢ ᠲᠣᠳᠣᠷᠬᠠᠶᠢᠯᠠᠬᠤ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠡ᠃ ᠡᠭᠦᠨ ᠤ ᠬᠠᠮᠲᠤ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂  ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠬᠦ ᠬᠤᠰᠢᠭᠤᠨ ᠤ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠪᠠᠨ ᠦᠨᠳᠦᠰᠦᠯᠡᠨ ᠬᠤᠳᠠᠯᠳᠣᠭᠠᠴᠢᠨ ᠤᠷᠢᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠢᠶᠠᠨ ᠪᠣᠯᠭᠠᠵᠤ᠂ ᠣᠨᠣᠴᠠᠲᠠᠢ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠶ ᠠᠵᠢᠯᠯᠠᠵᠤ᠂ ᠠᠵᠤ ᠠᠬᠤᠶᠢᠯᠠᠯ ᠤᠨ ᠣᠷᠣᠵᠤ ᠰᠠᠭᠤᠬᠤ ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠪᠠᠶᠢᠳᠠᠯ ᠢ ᠲᠣᠳᠣᠷᠬᠠᠢ ᠲᠠᠨᠢᠵᠤ᠂ ᠬᠤᠳᠠᠯᠳᠤᠭᠠᠴᠢᠨ ᠤᠷᠢᠬᠤ ᠰᠤᠷᠤᠯᠴᠠᠯᠭ᠎ᠠ ᠪᠠᠨ ᠴᠢᠩᠭᠠᠳᠬᠠᠨ᠂ ᠠᠵᠢᠯ ᠤᠨ ᠦᠵᠡᠯᠲᠡ ᠪᠠᠨ ᠬᠤᠪᠢᠷᠠᠭᠤᠯᠵᠤ᠂ ᠰᠡᠳᠬᠢᠬᠦᠢ᠂ ᠬᠠᠷᠠᠴᠠ ᠶᠢᠨ ᠲᠠᠯ᠎ᠠ ᠪᠠᠷ ᠣᠳᠣᠬᠠᠨ ᠤ ᠬᠥᠭᠵᠢᠯᠲᠡ ᠶᠢᠨ ᠪᠠᠶᠢᠳᠠᠯ ᠳᠤ ᠵᠣᠬᠢᠴᠠᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠬᠤ ᠵᠣᠷᠢᠯᠭ᠎ᠠ ᠪᠠᠨ ᠲᠣᠳᠣᠷᠬᠠᠶᠢᠯᠠᠵᠤ᠂ ᠪᠦᠬᠦ ᠵᠢᠯ ᠤᠨ ᠠᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠡᠭᠦᠷᠭᠡ ᠪᠠᠨ ᠨᠠᠷᠢᠯᠢᠭᠵᠢᠭᠤᠯᠤᠨ ᠵᠠᠳᠠᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ᠂ ᠰᠠᠨᠠᠭ᠎ᠠ ᠠᠮᠤᠷ ᠪᠠᠶᠢᠬᠤ᠂ ᠲᠦᠷᠦᠯ ᠵᠦᠢᠯ ᠢ ᠦᠨᠡᠨᠬᠦ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠨᠠᠩ ᠲᠡᠭᠦᠯᠳᠡᠷ ᠠᠵᠢᠯ ᠤᠨ ᠬᠠᠯᠠᠭᠤᠨ ᠰᠡᠳᠬᠢᠯᠭᠡ᠂ ᠨᠠᠩ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ᠂ ᠨᠠᠩ ᠴᠢᠷᠮᠠᠶᠢᠯᠭ᠎ᠠ ᠲᠠᠢ ᠬᠠᠷᠢᠭᠤᠴᠠᠯᠭ᠎ᠠ ᠪᠠᠷ ᠬᠤᠳᠠᠯᠳᠣᠭᠠᠴᠢᠨ ᠤᠷᠢᠬᠤ ᠠᠭᠤᠷ ᠠᠮᠢᠰᠬᠤᠯ ᠢ ᠨᠢᠭᠲᠠᠷᠠᠭᠤᠯᠵᠤ᠂ ᠬᠤᠳᠠᠯᠳᠣᠭᠠᠴᠢᠨ ᠤᠷᠢᠬᠤ ᠲᠥᠷᠥᠯ ᠵᠦᠢᠯ ᠢ ᠣᠯᠠᠰᠢᠷᠠᠭᠤᠯᠵᠤ᠂  ᠬᠤᠳᠠᠯᠳᠣᠭᠠᠴᠢᠨ ᠤᠷᠢᠬᠤ ᠦᠷ᠎ᠡ ᠪᠦᠲᠦᠭᠡᠯ ᠢᠶᠠᠨ ᠡᠯᠪᠡᠭᠵᠢᠭᠦᠯᠵᠦ᠂ ᠬᠤᠳᠠᠯᠳᠣᠭᠠᠴᠢᠨ ᠤᠷᠢᠬᠤ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠤᠳᠠᠯᠳᠣᠭᠠᠴᠢᠨ ᠣᠷᠢᠵᠤ ᠠᠵᠤ ᠠᠬᠤᠢ ᠶᠢ ᠬᠦᠴᠦᠷᠬᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
23a9c57ce55368127c4d7d35b95d376.jpg
    ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠰᠠ ᠪᠠᠶᠢᠭᠠᠯᠢ ᠶᠢᠨ ᠡᠬᠢ ᠪᠠᠶᠠᠯᠢᠭ ᠭᠠᠵᠠᠷ ᠰᠢᠷᠣᠢ ᠶᠢᠨ ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠬᠢᠭᠡᠳ ᠪᠣᠳᠠᠲᠤ ᠠᠵᠢᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠣᠶ ᠡᠪᠡᠰᠦ᠂ ᠭᠠᠶᠢᠯᠢ ᠶᠢᠨ ᠶᠠᠪᠤᠳᠠᠯ ᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ᠂ ᠪᠠᠯ ᠴᠢᠯᠠᠭᠤ᠂ ᠬᠠᠷ᠎ᠠ ᠲᠤᠭᠤᠯᠭ᠎ᠠ ᠴᠠᠶᠢᠷ᠂ ᠬᠥᠩᠭᠡᠨ ᠴᠠᠭᠠᠨ ᠤ ᠰᠠᠭᠤᠷᠢᠨ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠤᠳᠠᠯᠳᠤᠭᠠᠴᠢᠨ ᠤᠷᠢᠬᠤ ᠴᠢᠭᠯᠡᠯ ᠤᠨ ᠲᠣᠭᠤᠷᠢᠨ ᠳᠤ ᠲᠣᠰ ᠪᠦᠷᠢ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠪᠡ᠃
ea6d5d9d6e8e8c510a7cd82a9a7e384.jpg
    ᠲᠣᠰ ᠤᠳᠠᠭᠠᠨ ᠤ ᠪᠣᠯᠪᠠᠰᠤᠷᠠᠭᠤᠯᠤᠯ ᠨᠢ ᠬᠤᠷᠠᠯ ᠳᠤ ᠣᠷᠣᠯᠴᠠᠭᠰᠠᠳ ᠲᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠬᠤᠳᠠᠯᠳᠤᠭᠠᠴᠢᠨ ᠤᠷᠢᠬᠤ ᠠᠷᠭ᠎ᠠ ᠪᠠ ᠤᠷ᠎ᠠ ᠮᠡᠷᠭᠡᠵᠢᠯ ᠢ ᠡᠵᠡᠮᠰᠢᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠢ ᠬᠡᠪ ᠴᠢᠨᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃ ᠣᠯᠠᠨ ᠢᠶᠠᠷ ᠢᠶᠠᠨ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠣᠷᠣᠭᠰᠠᠨ ᠮᠡᠳᠡᠯᠭᠡ ᠪᠠᠨ ᠪᠣᠳᠠᠲᠠᠢ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠳᠤ ᠢᠳᠡᠪᠬᠢᠲᠡᠢ ᠬᠡᠷᠡᠭᠯᠡᠵᠦ᠂ ᠴᠢᠨᠠᠷ ᠰᠠᠶᠢᠲᠠᠢ ᠬᠤᠳᠠᠯᠳᠣᠭᠠᠴᠢᠨ ᠣᠷᠢᠬᠤ ᠪᠡᠯᠡ ᠲᠠᠲᠠᠬᠤ ᠦᠷ᠎ᠡ ᠪᠦᠲᠦᠭᠡᠯ ᠢᠶᠠᠷ ᠳᠡᠭᠡᠳᠦ ᠲᠠᠰ ᠤᠨ ᠡᠬᠢ ᠪᠠᠶᠠᠯᠢᠭ ᠢ ᠬᠤᠷᠠᠮᠳᠤᠭᠤᠯᠤᠨ᠂ ᠬᠥᠭᠵᠢᠯᠲᠡ ᠶᠢᠨ ᠣᠷᠣᠨ ᠵᠠᠢ ᠪᠠᠨ ᠥᠷᠭᠡᠳᠬᠡᠵᠦ᠂ ᠰᠤᠷᠤᠯᠴᠠᠯᠭ᠎ᠠ ᠶᠢᠨ ᠳᠤᠮᠳᠠ ᠳᠠᠪᠰᠢᠵᠤ᠂ ᠦᠢᠯᠡᠳᠦᠯᠭᠡ ᠶᠢᠨ ᠳᠤᠮᠳᠠ ᠳᠡᠭᠡᠭᠰᠢᠯᠡᠭᠦᠯᠬᠦ ᠶᠢ ᠪᠠᠷᠢᠮᠲᠠᠯᠠᠨ᠂ ᠬᠤᠰᠢᠭᠤᠨ ᠤ ᠪᠠᠶᠢᠳᠠᠯ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠯᠪᠠᠰᠤᠷᠠᠩᠭᠤᠢ ᠡᠵᠡᠮᠰᠢᠵᠦ᠂ ᠲᠥᠷᠥᠯ ᠵᠦᠢᠯ ᠤᠨ ᠲᠠᠲᠠᠬᠤ ᠴᠢᠳᠠᠪᠤᠷᠢ ᠶᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠤᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ ᠪᠤᠯᠤᠨ᠎ᠠ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号