ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠮᠡᠳᠡᠯᠭᠡ ᠶᠢ ᠠᠵᠤ ᠠᠬᠤᠶᠢᠯᠠᠯ ᠳᠤ ᠤᠷᠤᠭᠤᠯᠬᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/3/22
       ᠣᠶᠢᠷ᠎ᠠ ᠳᠤ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠠᠷᠤᠳ ᠬᠤᠰᠢᠭᠤᠨ ᠤ ᠪᠸᠢ ᠹᠠᠩ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠮᠡᠳᠡᠯᠭᠡ ᠶᠢ ᠠᠵᠤ ᠠᠬᠤᠶᠢᠯᠠᠯ ᠳᠤ ᠤᠷᠤᠭᠤᠯᠬᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠠᠬᠤᠢ ᠲᠠᠯᠠᠪᠤᠷ ᠲᠤ ᠲᠠᠶᠢᠯᠤᠮᠵᠢ ᠬᠢᠬᠦ᠂ ᠮᠠᠲ᠋ᠧᠷᠢᠶᠠᠯ ᠲᠠᠷᠬᠠᠭᠠᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠠᠵᠢᠯᠲᠠᠳ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠡᠷᠬᠡ ᠪᠠᠨ ᠬᠠᠮᠠᠭᠠᠯᠠᠵᠤ ᠠᠰᠢᠭ ᠢᠶᠠᠨ ᠬᠠᠮᠠᠭᠠᠯᠠᠬᠤ ᠠᠷᠭ᠎ᠠ᠂ ᠵᠠᠮ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠵᠡᠷᠭᠡ ᠬᠤᠯᠪᠣᠭᠳᠠᠯ ᠪᠦᠬᠦᠢ ᠡᠷᠡᠭᠦᠦ ᠶᠢᠨ ᠬᠡᠷᠡᠭ ᠤᠨ ᠬᠠᠤᠯᠢ ᠲᠣᠭᠲᠠᠭᠠᠯ ᠤᠨ ᠪᠣᠳᠠᠲᠠᠢ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠶᠢ ᠰᠠᠨᠠᠭᠤᠯᠪᠠ᠃      
微信图片_20230322101400.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号