ᠵᠠᠷᠤᠳ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠄ ᠵᠢᠭᠤᠷᠠᠯᠳᠤᠭᠠᠨ ᠢ ᠡᠶᠡᠳᠡᠭᠦᠯᠬᠦ ᠡᠷᠴᠢᠮ ᠢᠶᠠᠨ ᠴᠢᠩᠭᠠᠷᠠᠭᠤᠯᠵᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠠᠮᠠᠭᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2023/3/23
       3 ᠰᠠᠷ᠎ᠠ ᠶᠢᠨ 22 ᠤᠨ ᠡᠳᠦᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠡᠶᠡᠳᠡᠭᠦᠯᠭᠡ ᠪᠠᠷ ᠳᠡᠮᠵᠢᠨ᠂ ᠠᠵᠢᠯᠴᠢᠨ ᠭᠤᠤ ᠱᠤᠤ ᠸᠧᠢ ᠶᠢᠨ ᠭᠡᠷ ᠪᠦᠯᠢ ᠶᠢᠨ ᠬᠢᠨ ᠬᠥᠮᠥᠨ ᠬᠡᠷᠡᠭᠯᠡᠬᠦ ᠨᠢᠭᠡᠴᠡ ᠶᠢᠨ ᠥᠭᠭᠦᠭᠰᠡᠨ ᠠᠵᠢᠯ ᠤᠨ ᠰᠢᠷᠬᠠᠳᠤᠯ ᠪᠣᠯᠵᠤ ᠦᠬᠦᠭᠰᠡᠨ ᠲᠥᠯᠥᠪᠦᠷᠢ ᠶᠢᠨ ᠮᠥᠩᠭᠦ ᠶᠢ ᠤᠯᠪᠠ᠂ ᠲᠡᠳᠡᠨᠤᠰ ᠬᠥᠨᠳᠡᠯᠡᠨ ᠠᠴᠠ ᠲᠠᠰᠤᠯᠬᠤ ᠬᠤᠷᠢᠶᠠᠨ ᠤ ᠠᠵᠢᠯᠲᠠᠨ ᠤ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠭᠰᠠᠨ ᠳᠤ ᠲᠠᠯᠠᠷᠬᠠᠬᠤ ᠰᠡᠳᠬᠢᠯ ᠢᠶᠠᠨ ᠢᠯᠡᠳᠭᠡᠵᠦ ᠬᠡᠮᠡᠷᠯᠢᠭ ᠲᠤᠭ ᠪᠡᠯᠡᠭᠯᠡᠪᠡ᠃ 2022 ᠣᠨ ᠠᠴᠠ ᠨᠠᠰᠢ᠂ ᠲᠣᠰ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠨᠡᠶᠢᠲᠡ 103 ᠬᠤᠪᠢ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠳᠡᠩᠰᠡᠯᠡᠵᠦ ᠭᠥᠯᠢᠶᠡᠨ ᠠᠪᠴᠤ ᠰᠢᠢᠳᠪᠦᠷᠢᠯᠡᠵᠦ᠂ 103 ᠬᠤᠪᠢ ᠬᠥᠳᠡᠯᠮᠦᠷᠢᠴᠢᠨ ᠲᠠᠢ ᠬᠤᠯᠪᠣᠭᠳᠠᠵᠤ᠂ ᠡᠭᠦᠨ ᠳᠤ ᠬᠥᠨᠳᠡᠯᠡᠨ ᠠᠴᠠ ᠡᠶᠡᠳᠡᠭᠦᠯᠭᠡ ᠬᠢᠵᠦ ᠲᠠᠰᠤᠯᠤᠭᠰᠠᠨ ᠨᠢ 55 ᠬᠤᠪᠢ᠂ ᠵᠠᠭᠠᠯᠳᠤᠯᠭ᠎ᠠ  ᠪᠠᠨ ᠪᠤᠴᠠᠭᠠᠭᠰᠠᠨ ᠨᠢ 16 ᠬᠤᠪᠢ᠂ ᠬᠥᠨᠳᠡᠯᠡᠨ ᠠᠴᠠ ᠲᠠᠰᠤᠯᠤᠨ ᠲᠤᠭᠳᠠᠭᠠᠭᠰᠠᠨ ᠨᠢ 32 ᠬᠤᠪᠢ᠂ ᠳᠠᠭᠤᠰᠬᠠᠭᠰᠠᠨ ᠨᠣᠷᠮ᠎ᠠ 100% ᠬᠦᠷᠪᠡ᠃     
微信图片_20230323103329.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号