3 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ︽ᠬᠠᠤᠯᠢ ᠶᠣᠰᠣᠭᠠᠷ ᠤᠰᠤ ᠶᠢ ᠵᠠᠰᠠᠬᠤ ᠶᠢ | ᠴᠢᠩᠭᠠᠳᠬᠠᠵᠤ᠂ ᠬᠠᠳᠤᠨ ᠭᠤᠣᠯ ᠢᠶᠠᠨ ᠭᠠᠷ ᠬᠤᠯᠪᠣᠨ ᠬᠠᠮᠲᠤ ᠪᠠᠷ ᠬᠠᠮᠠᠭᠠᠯᠠᠬᠤ︾ 2023 ᠣᠨ ᠤ ︽ | ᠳᠡᠯᠡᠬᠡᠢ ᠶᠢᠨ ᠤᠰᠤᠨ ᠤ ᠡᠳᠦᠷ · ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠥᠨᠳᠡᠯᠡᠨ | ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠤᠰᠤ ᠠᠷᠪᠢᠯᠠᠬᠤ ᠮᠡᠳᠡᠯᠭᠡ ᠶᠢ | ᠲᠦᠭᠡᠮᠡᠯᠵᠢᠭᠦᠯᠵᠦ᠂ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠤᠰᠤ ᠶᠢ ᠠᠷᠪᠢᠯᠠᠵᠤ ᠬᠡᠷᠡᠭᠯᠡᠬᠦ ᠶᠢᠨ ᠠᠴᠢ | ᠬᠤᠯᠪᠣᠭᠳᠠᠯ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠵᠡᠷᠭᠡ ᠶᠢ ᠤᠬᠠᠭᠤᠯᠤᠨ | ᠲᠠᠶᠢᠯᠪᠤᠷᠢᠯᠠᠵᠤ᠂ ᠪᠥᠬᠦ ᠠᠷᠠᠳ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ | ᠪᠣᠯᠬᠤ ᠶᠢ ᠰᠠᠨᠠᠭᠠᠴᠢᠯᠠᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠᠨ ᠴᠢᠩᠭᠠᠳᠬᠠᠪᠠ᠃ | | | |