ᠵᠠᠷᠤᠳ ᠬᠤᠰᠢᠭᠤ ᠮᠤᠳᠤ ᠤᠰᠤᠨ ᠴᠥᠭᠦᠷᠥᠮ ᠤᠨ ᠬᠠᠰᠢᠯᠭ᠎ᠠ ᠶᠢᠨ ᠬᠡᠮ ᠰᠣᠭᠤᠭ ᠤᠨ ᠲᠤᠬᠠᠢ ᠲᠤᠰᠬᠠᠢ ᠮᠡᠷᠭᠡᠵᠢᠯᠲᠡᠨ ᠠᠴᠠ ᠮᠡᠷᠭᠡᠵᠢᠯ ᠤᠨ ᠯᠠᠪᠯᠠᠯᠭ᠎ᠠ ᠠᠪᠬᠤ ᠬᠤᠷᠠᠯ ᠬᠢᠪᠡ
ᠨᠡᠶᠢᠲᠡᠯᠡᠭᠰᠡᠨ ᠴᠠᠭ᠄
2023/3/23
      3 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠮᠤᠳᠤ ᠤᠰᠤᠨ ᠴᠥᠭᠦᠷᠥᠮ ᠤᠨ ᠬᠠᠰᠢᠯᠭ᠎ᠠ ᠶᠢᠨ ᠬᠡᠮ ᠰᠣᠭᠤᠭ ᠤᠨ ᠲᠤᠬᠠᠢ ᠲᠤᠰᠬᠠᠢ ᠮᠡᠷᠭᠡᠵᠢᠯᠲᠡᠨ ᠠᠴᠠ ᠮᠡᠷᠭᠡᠵᠢᠯ ᠤᠨ ᠯᠠᠪᠯᠠᠯᠭ᠎ᠠ ᠠᠪᠬᠤ ᠬᠤᠷᠠᠯ ᠬᠢᠵᠦ᠂ ᠲᠥᠷᠥᠯ ᠵᠦᠢᠯ ᠤᠨ ᠰᠤᠳᠤᠯᠭᠠᠨ ᠤ ᠪᠦᠯᠬᠦᠮ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠶᠠᠷᠢᠯᠴᠠᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠤᠤ ᠢᠦᠢ ᠯᠦᠩ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ᠂ ᠤᠰᠤᠨ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ ᠲᠤᠰᠬᠠᠢ ᠮᠡᠷᠭᠡᠵᠢᠯᠲᠡᠨ ᠵᠢᠴᠢ ᠮᠤᠳᠤ ᠤᠰᠤᠨ ᠴᠥᠭᠦᠷᠥᠮ ᠤᠨ ᠪᠠᠷᠢᠯᠭ᠎ᠠ ᠶᠢᠨ ᠡᠯ᠎ᠡ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      
微信图片_20230323103346.jpg
      ᠬᠤᠷᠠᠯ ᠡᠬᠢᠯᠡᠬᠦ ᠠᠴᠠ ᠡᠮᠦᠨ᠎ᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠥᠷᠥᠯ ᠵᠦᠢᠯ ᠤᠨ ᠠᠬᠤᠢ ᠲᠠᠯᠠᠪᠤᠷ ᠲᠤ ᠬᠦᠷᠴᠦ ᠪᠠᠶᠢᠴᠠᠭᠠᠨ ᠰᠢᠨᠵᠢᠬᠦ ᠪᠠᠷ ᠲᠠᠮᠵᠢᠨ᠂ ᠬᠠᠶᠢᠨ ᠬᠡᠮᠵᠢᠯᠲᠡ ᠶᠢᠨ ᠮᠡᠳᠡᠭᠦᠯᠦᠯᠲᠡ ᠶᠢᠨ ᠮᠡᠷᠭᠡᠵᠢᠯ ᠵᠠᠮ ᠱᠤᠭᠤᠮ ᠨᠢ ᠵᠥᠪ ᠣᠨᠣᠪᠴᠢᠲᠠᠶ᠂ ᠬᠠᠶᠢᠨ ᠬᠡᠮᠵᠢᠭᠰᠡᠨ ᠪᠠ ᠵᠠᠳᠠᠯᠤᠯᠲᠠ ᠶᠢᠨ ᠠᠷᠭ᠎ᠠ ᠨᠢ ᠪᠣᠯᠣᠮᠵᠢᠲᠠᠢ ᠭᠡᠵᠦ ᠰᠠᠨᠠᠯ ᠨᠢᠭᠡᠲᠡᠢ ᠦᠵᠡᠵᠦ᠂ ᠣᠯᠣᠭᠰᠠᠨ ᠳ᠋ᠦᠩᠨᠡᠯᠲᠡ ᠨᠢ ᠪᠣᠳᠠᠲᠠᠢ ᠨᠡᠪᠴᠢᠨ ᠭᠠᠷᠬᠤ ᠪᠠᠶᠢᠳᠠᠯ ᠢ ᠦᠨᠳᠦᠰᠦᠨ ᠳᠡᠭᠡᠨ ᠲᠤᠰᠬᠠᠭᠰᠠᠨ ᠪᠠᠶᠢᠨ᠎ᠠ᠃ ᠡᠭᠦᠨ ᠤ ᠬᠠᠮᠲᠤ ᠬᠠᠶᠢᠨ ᠬᠡᠮᠵᠢᠭᠰᠡᠨ ᠮᠡᠳᠡᠭᠦᠯᠦᠯᠲᠡ ᠳᠤ ᠴᠢᠭᠯᠡᠭᠦᠯᠦᠨ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠲᠣᠳᠣᠷᠬᠠᠢ ᠪᠣᠯᠭᠠᠪᠠ᠃     
微信图片_20230323103342.jpg
      ᠼᠤᠤ ᠢᠦᠢ ᠯᠦᠩ ᠠᠴᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠵᠤ᠂ ᠤᠰᠤᠨ ᠴᠥᠭᠦᠷᠥᠮ ᠤᠨ ᠬᠠᠮᠢᠶ᠎ᠠ ᠪᠦᠬᠦᠢ ᠰᠠᠭᠤᠷᠢ ᠮᠠᠲ᠋ᠧᠷᠢᠶᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ ᠳᠠᠭᠤᠷᠢᠶᠠᠮᠠᠯ ᠤᠷᠤᠰᠬᠠᠯ ᠢ ᠬᠡᠮᠵᠢᠬᠦ ᠠᠷᠭ᠎ᠠ ᠪᠠᠷ ᠪᠠᠶᠢᠴᠠᠭᠠᠨ ᠰᠢᠯᠭᠠᠬᠤ ᠪᠠᠨ ᠨᠡᠮᠡᠭᠳᠡᠭᠦᠯᠵᠦ᠂ ᠦᠷᠤᠮᠳᠡᠬᠦ ᠬᠠᠶᠢᠬᠤ ᠰᠢᠯᠭᠠᠬᠤ  ᠨᠤᠳᠠᠯᠠᠬᠤ ᠠᠵᠢᠯ ᠢ ᠲᠦᠷᠭᠡᠨ ᠥᠷᠨᠢᠭᠦᠯᠬᠦ ᠬᠡᠷᠡᠭᠲᠡᠢ᠃ ᠬᠠᠮᠤᠭ ᠤᠨ ᠰᠢᠨ᠎ᠡ ᠲᠤᠷᠰᠢᠯᠲᠠ ᠶᠢᠨ ᠪᠣᠯᠵᠣᠯᠲᠤ ᠲᠤᠭ᠎ᠠ ᠶᠢ ᠦᠨᠳᠦᠰᠦᠯᠡᠨ ᠨᠡᠪᠴᠢᠯᠲᠡ ᠶᠢᠨ ᠤᠷᠤᠰᠬᠠᠯ ᠤᠨ ᠠᠶᠤᠯᠭᠦᠢ ᠴᠢᠨᠠᠷ ᠤᠨ ᠦᠨᠡᠯᠡᠯᠲᠡ ᠬᠢᠬᠦ ᠵᠢᠴᠢ ᠡᠯ᠎ᠡ ᠠᠵᠢᠯ ᠤᠨ ᠪᠠᠶᠢᠳᠠᠯ ᠳᠣᠣᠷᠠᠬᠢ ᠨᠡᠪᠴᠢᠯᠲᠡ ᠶᠢᠨ ᠤᠷᠤᠰᠬᠠᠯ ᠤᠨ ᠬᠡᠮᠵᠢᠶ᠎ᠡ ᠶᠢ ᠲᠠᠬᠢᠨ ᠬᠢᠨᠠᠵᠤ᠂ ᠮᠤᠳᠤ ᠤᠰᠤᠨ ᠴᠥᠭᠦᠷᠥᠮ ᠤᠨ ᠳᠣᠣᠷ᠎ᠠ ᠬᠠᠭᠠᠯᠲᠠ ᠳᠤ ᠤᠰᠤ ᠬᠠᠳᠠᠭᠠᠯᠠᠬᠤ ᠰᠢᠯᠭᠠᠨ ᠠᠪᠬᠤ ᠶᠢ ᠤᠷᠤᠭᠰᠢᠲᠠᠢ ᠪᠡᠶᠡᠯᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠪᠤᠷᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号