| | 3 ᠰᠠᠷ᠎ᠠ ᠶᠢᠨ 22 ᠤ ᠡᠳᠦᠷ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠵᠢᠴᠢ ︽ | ᠨᠠᠮ ᠤᠨ ᠪᠠᠶᠢᠭᠤᠯᠤᠯᠲᠠ ᠶᠢ ᠠᠳᠬᠤᠵᠤ᠂ ᠰᠤᠷᠲᠠᠯ ᠢᠶᠠᠨ ᠴᠡᠭᠴᠡᠯᠡᠨ᠂ ᠬᠡᠪ ᠴᠢᠨᠠᠷ ᠢᠶᠠᠨ ᠴᠢᠩᠭᠠᠳᠬᠠᠵᠤ᠂ ᠳᠦᠷᠢ | ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠭᠦᠸᠧ ᠮᠢᠩ ᠴᠢᠶᠦ᠋ᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠴᠦᠨ ᠬᠤᠶ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠮᠦᠩᠭᠦᠨᠬᠤᠸᠠᠷ ᠬᠤᠷᠠᠯ ᠳᠤ ᠣᠷᠣᠯᠴᠠᠪᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠪᠠᠭ ᠤᠨ ᠪᠥᠬᠦ ᠭᠡᠰᠢᠭᠦᠨ᠂ ᠡᠯ᠎ᠡ ᠰᠠᠯᠠᠭ᠎ᠠ ᠲᠠᠰᠤᠭ ᠭᠠᠵᠠᠷ ᠠᠩᠭᠢ ᠶᠢᠨ ᠵᠢᠩᠬᠢᠨᠢ ᠪᠠ ᠳᠡᠳ᠋ | ᠲᠤᠰᠢᠶᠠᠯ ᠲᠠᠢ ᠺᠠᠳ᠋ᠷ᠂ ᠬᠥᠬᠢᠭᠦᠯᠦᠨ ᠰᠠᠶᠢᠰᠢᠶᠠᠭᠳᠠᠭᠰᠠᠨ ᠠᠷᠠᠳ ᠤᠨ ᠴᠠᠭᠠᠳᠠᠭᠠ ᠲᠤᠰᠠᠯᠠᠬᠤ ᠴᠠᠭᠳᠠᠭ᠎ᠠ᠂ ᠠᠷᠪᠠᠨ | ᠰᠠᠶᠢᠨ ᠴᠠᠭᠳᠠᠭ᠎ᠠ ᠶᠢᠨ ᠭᠡᠷᠬᠡᠢ᠂ ᠡᠯ᠎ᠡ ᠰᠠᠯᠠᠭ᠎ᠠ ᠮᠥᠴᠢᠷ ᠤᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ | ᠲᠥᠯᠥᠭᠡᠯᠡᠭᠴᠢ ᠨᠡᠶᠢᠲᠡ 300 ᠭᠠᠷᠤᠢ ᠬᠦᠮᠦᠰ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ᠂ ᠭᠦᠸᠧ ᠮᠢᠩ ᠴᠢᠶᠦ᠋ᠨ ᠠᠴᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ | ᠵᠢᠶᠦ᠋ᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢ ᠤᠩᠰᠢᠨ ᠨᠡᠶᠢᠲᠡᠯᠡᠪᠡ︔ | 2022 ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠠᠵᠢᠯ ᠤᠨ ᠪᠠᠶᠢᠳᠠᠯ ᠪᠠ 2022 | ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ | ᠬᠠᠮᠢᠶᠠᠷᠴᠤ ᠴᠠᠭᠳᠠᠭ᠎ᠠ ᠶᠢ ᠵᠠᠰᠠᠭᠰᠠᠨ ᠠᠵᠢᠯ ᠢ ᠵᠠᠷᠯᠠᠨ ᠮᠡᠳᠡᠭᠳᠡᠪᠡ︔ 2023 ᠣᠨ ᠤ ᠨᠠᠮ ᠤᠨ ᠰᠤᠷᠲᠠᠯ | ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ︔ 2022 ᠣᠨ ᠤ ᠰᠢᠯᠢᠳᠡᠭ ᠲᠤᠰᠠᠯᠠᠬᠤ ᠴᠠᠭᠳᠠᠭ᠎ᠠ᠂ ᠲᠡᠷᠢᠭᠦᠨ ᠤ ᠬᠠᠮᠲᠤ ᠪᠠ | ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠳᠠᠷᠠᠭ᠎ᠠ ᠪᠠᠷ ᠨᠢ᠂ ᠲᠡᠷᠢᠭᠦᠨ ᠤ ᠬᠠᠮᠲᠤ᠂ | ᠲᠡᠷᠢᠭᠦᠨ ᠤ ᠬᠤᠪᠢ ᠬᠥᠮᠥᠨ᠂ ᠠᠷᠪᠠᠨ ᠰᠠᠶᠢᠨ ᠴᠠᠭᠳᠠᠭᠠᠨ ᠤ ᠭᠡᠷᠬᠡᠢ ᠶᠢᠨ ᠲᠥᠯᠥᠭᠡᠯᠡᠭᠴᠢ ᠨᠡᠶᠢᠲᠡᠯᠢᠭ ᠶᠠᠷᠢᠶ᠎ᠠ | ᠲᠠᠯᠪᠢᠪᠠ᠃ | | | ᠮᠦ ᠲᠢᠶᠧ ᠮᠢᠨ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ | ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠮᠤᠷ | ᠲᠦᠪᠰᠢᠨ ᠤ ᠰᠡᠳᠬᠢᠭᠳᠡᠯ ᠢᠶᠠᠷ ᠬᠠᠮᠤᠭ ᠤᠨ ᠶᠡᠭᠡ᠂ ᠵᠣᠯ ᠵᠢᠷᠭᠠᠯᠲᠤ ᠲᠦᠷᠦᠭᠳᠡᠯ ᠢᠶᠠᠷ ᠬᠠᠮᠤᠭ ᠤᠨ ᠶᠡᠭᠡ᠂ | ᠬᠠᠨᠤᠮᠵᠢ ᠶᠢᠨ ᠬᠡᠮᠵᠢᠶ᠎ᠡ ᠪᠠᠷ ᠬᠠᠮᠤᠭ ᠤᠨ ᠶᠡᠭᠡ︾ ᠬᠤᠰᠢᠭᠤ ᠰᠢᠶᠠᠨ ᠢ ᠡᠭᠦᠳᠬᠦ ᠶᠢᠨ ᠲᠣᠭᠤᠷᠢᠨ ᠳᠤ᠂ ︽ | ᠵᠠᠷᠣᠳ ᠤᠨ ᠨᠡᠶᠢᠭᠡᠮ ᠤᠨ ᠠᠮᠤᠷ ᠲᠦᠪᠰᠢᠨ ᠢ ᠵᠠᠷᠣᠳ ᠤᠨ ᠠᠭᠤᠯᠠ ᠤᠰᠤ ᠲᠠᠢ ᠠᠳᠠᠯᠢ ᠪᠠᠶᠢᠯᠭᠠᠬᠤ᠂ ᠵᠠᠷᠣᠳ ᠤᠨ | ᠳᠣᠲᠣᠭᠠᠳᠤ ᠶᠢ ᠬᠠᠮᠠᠭᠠᠯᠠᠬᠤ ᠳᠦᠷᠢ ᠲᠥᠷᠬᠦ ᠶᠢ ᠵᠠᠷᠣᠳ ᠤᠨ ᠥᠩᠭᠡ ᠦᠵᠡᠮᠵᠢ ᠲᠠᠢ ᠠᠳᠠᠯᠢ ᠪᠠᠶᠢᠯᠭᠠᠬᠤ︾ | ᠬᠠᠷᠠᠯᠲᠠ ᠶᠢ ᠪᠡᠶᠡᠯᠡᠭᠦᠯᠵᠦ᠂ ᠬᠢᠵᠢᠭ ᠢ ᠡᠰᠡᠷᠭᠦᠴᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠬᠠᠮᠠᠭᠠᠯᠠᠬᠤ᠂ ᠲᠣᠭᠲᠠᠭᠤᠨ ᠢ ᠪᠠᠲᠣᠯᠠᠬᠤ᠂ ᠬᠥᠭᠵᠢᠯᠲᠡ ᠶᠢ ᠠᠬᠢᠭᠤᠯᠬᠤ ᠶᠢᠨ ᠲᠥᠯᠥᠭᠡ ᠪᠥᠬᠦ ᠬᠦᠴᠦᠨ ᠢᠶᠠᠷ ᠢᠶᠠᠨ | ᠴᠢᠷᠮᠠᠶᠢᠵᠤ᠂ ᠣᠯᠠᠨ ᠵᠦᠢᠯ ᠤᠨ ᠠᠵᠢᠯ ᠢ ᠬᠦᠴᠢᠷ ᠢ ᠳᠠᠪᠠᠨ ᠡᠬᠢᠯᠡᠭᠦᠯᠦᠨ᠂ ᠪᠥᠬᠦ ᠬᠤᠲᠠ ᠳᠤ ᠲᠡᠷᠢᠭᠦᠯᠡᠵᠦ᠂ | ᠣᠯᠠᠨ ᠵᠦᠢᠯ ᠤᠨ ᠠᠮᠵᠢᠯᠲᠠ ᠪᠦᠲᠦᠮᠵᠢ ᠲᠡᠦᠬᠡ ᠶᠢᠨ ᠬᠠᠮᠤᠭ ᠰᠠᠶᠢᠨ ᠢ ᠡᠭᠦᠳᠦᠪᠡ᠂ ᠣᠳᠣᠬᠠᠨ ᠳᠤ᠂ ᠪᠦᠭᠦ | ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠶᠡᠷᠦᠩᠬᠡᠢ | ᠪᠠᠶᠢᠳᠠᠯ ᠰᠠᠶᠢᠨ ᠪᠠᠶᠢᠨ᠎ᠠ᠃ ᠭᠡᠪᠡᠴᠦ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢᠨ ᠳᠣᠣᠷ᠎ᠠ | ᠳᠣᠲᠣᠭᠠᠳᠤ ᠶᠢ ᠬᠠᠮᠠᠭᠠᠯᠠᠬᠤ ᠠᠵᠢᠯ ᠳᠤ ᠰᠢᠨ᠎ᠡ ᠥᠷᠢᠰᠦᠯᠳᠦᠭᠡᠨ᠂ ᠰᠢᠨ᠎ᠡ ᠡᠭᠦᠷᠭᠡ ᠲᠤᠯᠭᠠᠷᠠᠵᠤ ᠪᠠᠶᠢᠨ᠎ᠠ ᠭᠡᠳᠡᠭ ᠢ | ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ | ᠢᠯᠠᠩᠭᠤᠶ᠎ᠠ ᠤᠳᠤᠷᠢᠳᠬᠤ ᠺᠠᠳ᠋ᠷᠴᠤᠳ ᠣᠳᠣᠬᠠᠨ ᠤ ᠣᠷᠣᠰᠢᠵᠤ ᠪᠠᠶᠢᠭ᠎ᠠ ᠬᠥᠭᠵᠢᠯᠲᠡ ᠶᠢᠨ ᠱᠠᠲᠤᠨ ᠤ | ᠣᠨᠴᠠᠯᠢᠭ ᠢ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ | ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ | ᠥᠷᠢᠰᠦᠯᠳᠦᠭᠡᠨ ᠢ ᠰᠡᠷᠭᠡᠭ ᠢᠶᠠᠷ ᠲᠠᠨᠢᠬᠤ ᠬᠡᠷᠡᠭᠲᠡᠢ︔ ᠨᠠᠮ ᠤᠨ ᠵᠠᠭᠤᠨ ᠵᠢᠯ ᠤᠨ ᠲᠡᠦᠬᠡ ᠠᠴᠠ ᠠᠶᠤᠯ ᠪᠡᠷᠭᠡᠰᠢᠶᠡᠯ | ᠠᠴᠠ ᠦᠯᠦ ᠠᠶᠤᠬᠤ ᠤᠶᠤᠨ ᠰᠠᠨᠠᠭᠠᠨ ᠤ ᠬᠦᠴᠦᠨ ᠢ ᠰᠢᠩᠭᠡᠬᠡᠨ ᠠᠪᠴᠤ᠂ ︽ᠨᠠᠮ ᠳᠠᠭᠠᠨ ᠦᠨᠡᠨᠴᠢ ᠰᠢᠳᠤᠷᠭᠤ᠂ | ᠠᠷᠠᠳ ᠲᠦᠮᠡᠨ ᠢ ᠦᠯᠦ ᠬᠥᠰᠡᠷᠳᠡᠭᠦᠯᠬᠦ︾ ᠪᠠᠷ ᠢᠲᠡᠭᠡᠯ ᠪᠢᠰᠢᠷᠡᠯ ᠢᠶᠠᠨ ᠪᠣᠯᠭᠠᠵᠤ᠂ ︽ᠤᠭ ᠰᠠᠨᠠᠭ᠎ᠠ ᠪᠠᠨ | ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠪᠠᠷ ᠬᠦᠳᠡᠯᠭᠡᠬᠦ ᠬᠦᠴᠦᠨ ᠪᠣᠯᠭᠠᠵᠤ᠂ ︽ | ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ︾ ᠪᠠᠷ ᠵᠠᠩ ᠴᠢᠨᠠᠷ ᠢᠶᠠᠨ | ᠪᠣᠯᠭᠠᠬᠤ ᠬᠡᠷᠡᠭᠲᠡᠢ︔ ᠠᠯᠢᠪᠠ ᠠᠶᠤᠯ ᠲᠦᠭᠰᠢᠭᠦᠷᠢ ᠥᠷᠢᠰᠦᠯᠳᠦᠭᠡᠨ ᠢ ᠵᠣᠷᠢᠭᠲᠠᠢ ᠪᠠᠷ ᠢᠯᠠᠨ ᠳᠠᠪᠠᠵᠤ᠂ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠰᠤᠷᠲᠠᠯ ᠢᠶᠠᠨ | ᠢᠯᠡᠷᠡᠭᠦᠯᠵᠦ᠂ ᠰᠢᠨ᠎ᠡ ᠦᠷ᠎ᠡ ᠪᠦᠲᠦᠮᠵᠢ ᠶᠢ ᠬᠥᠭᠵᠢᠭᠡᠬᠦ ᠬᠡᠷᠡᠭᠲᠡᠢ ᠭᠡᠪᠡ᠃ | | | ᠮᠦ ᠲᠢᠶᠧ ᠮᠢᠨ ᠱᠠᠭᠠᠷᠳᠠᠭᠰᠠᠨ ᠨᠢ᠂ 2023 ᠣᠨ ᠳᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠳᠣᠲᠣᠭᠠᠳᠤ ᠶᠢ | ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ | ᠬᠤᠯᠪᠣᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠴᠢᠳᠠᠮᠠᠭᠠᠢ ᠪᠠᠷ ᠵᠠᠰᠠᠬᠤ︾ ᠠᠵᠢᠯ ᠤᠨ | ᠣᠶᠢᠯᠠᠭᠠᠭᠳᠠᠬᠤᠨ ᠢ ᠪᠤᠶ ᠪᠣᠯᠭᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢᠶᠠᠨ ᠴᠡᠭᠴᠡᠯᠡᠬᠦ᠂ | ᠬᠡᠪ ᠴᠢᠨᠠᠷ ᠢᠶᠠᠨ ᠴᠢᠩᠭᠠᠳᠬᠠᠬᠤ᠂ ᠳᠦᠷᠢ ᠲᠥᠷᠬᠦ ᠶᠢ ᠪᠣᠶᠢᠵᠢᠭᠤᠯᠬᠤ︾ ᠲᠤᠰᠬᠠᠢ ᠠᠵᠢᠯᠯᠠᠭ᠎ᠠ ᠪᠠᠷ ᠰᠢᠵᠢᠮ | ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠪᠠᠷ ᠬᠦᠳᠡᠯᠭᠡᠬᠦ ᠬᠦᠴᠦᠨ ᠪᠣᠯᠭᠠᠵᠤ᠂ | ᠳᠣᠲᠣᠭᠠᠳᠤ ᠶᠢ ᠬᠠᠮᠠᠭᠠᠯᠠᠬᠤ ᠠᠵᠢᠯ ᠳᠤ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠪᠠᠷ ᠪᠠᠲᠤᠯᠠᠭ᠎ᠠ | ᠪᠣᠯᠭᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠲᠠᠪᠣᠷᠢᠵᠢᠭᠤᠯᠵᠤ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠣᠭᠤᠷᠢᠨ ᠳᠤ ︽ᠵᠢᠷᠭᠤᠭᠠᠨ | ᠣᠳᠣᠬᠢᠴᠢᠯᠠᠯᠲᠠ︾ ᠶᠢ ᠴᠢᠷᠮᠠᠶᠢᠨ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠠᠲᠤᠯᠠᠬᠤ ᠶᠢᠨ ᠲᠥᠯᠥᠭᠡ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ᠂ ᠦᠷ᠎ᠡ | ᠪᠦᠲᠦᠮᠵᠢ ᠢᠶᠠᠨ ᠳᠡᠭᠡᠭᠰᠢᠯᠡᠭᠦᠯᠬᠦ᠂ ᠲᠡᠷᠢᠭᠦᠨ ᠤ ᠬᠢ ᠶᠢ ᠡᠭᠦᠳᠬᠦ ᠡᠯ᠎ᠡ ᠵᠦᠢᠯ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠪᠥᠬᠦ | ᠬᠤᠰᠢᠭᠤᠨ ᠤ ᠬᠥᠭᠵᠢᠯᠲᠡ ᠳᠤ ᠠᠮᠤᠷ ᠲᠦᠪᠰᠢᠨ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ | ᠲᠣᠭᠤᠷᠢᠨ ᠢ ᠪᠣᠶ ᠪᠣᠯᠭᠠᠬᠤ ᠬᠡᠷᠡᠭᠲᠡᠢ᠃ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠰᠠᠬᠢᠵᠤ᠂ | ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠪᠣᠳᠠᠲᠠᠢ ᠶᠢ ᠲᠡᠷᠢᠭᠦᠨ ᠳᠤ ᠲᠠᠯᠪᠢᠵᠤ᠂ | ᠠᠵᠢᠯᠯᠠᠬᠤ ᠶᠢ ᠲᠡᠷᠢᠭᠦᠨ ᠳᠤ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠨ᠂ ᠡᠷᠡᠰ | ᠰᠢᠭᠤᠷᠬᠠᠢ ᠪᠠᠷ ᠤᠷᠤᠭᠰᠢᠯᠠᠵᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠣᠳᠣᠬᠢᠴᠢᠯᠠᠭᠰᠠᠨ ᠵᠠᠷᠤᠳ | ᠬᠤᠰᠢᠭᠤ ᠶᠢ ᠪᠦᠲᠦᠭᠡᠨ ᠪᠠᠶᠢᠭᠤᠯᠬᠤ ᠳᠤ ︽ᠳᠣᠲᠣᠭᠠᠳᠤ ᠶᠢ ᠬᠠᠮᠠᠭᠠᠯᠠᠬᠤ ᠤᠯᠠ ᠮᠥᠷ︾ ᠢᠶᠠᠨ ᠪᠠᠲᠤᠳᠬᠠᠵᠤ᠂ ︽ | ᠳᠣᠲᠣᠭᠠᠳᠤ ᠶᠢ ᠬᠠᠮᠠᠭᠠᠯᠠᠬᠤ ᠪᠠᠷ᠎ᠠ ᠰᠡᠭᠦᠳᠡᠷ︾ ᠢᠶᠠᠨ ᠢᠯᠡᠷᠡᠭᠦᠯᠵᠦ᠂ ︽ᠳᠣᠲᠣᠭᠠᠳᠤ ᠶᠢ ᠬᠠᠮᠠᠭᠠᠯᠠᠬᠤ | ᠬᠠᠷᠢᠭᠤᠴᠠᠯᠭ᠎ᠠ︾ ᠶᠢ ᠢᠯᠡᠷᠡᠭᠦᠯᠬᠦ ᠬᠡᠷᠡᠭᠲᠡᠢ ᠭᠡᠪᠡ᠃ | | |