| 3 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠢᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠰᠦᠸᠧ ᠮᠢᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠨᠢ ᠸᠢᠳᠢᠤ᠋ ᠬᠡᠯᠪᠡᠷᠢ ᠪᠠᠷ ᠶᠠᠪᠣᠭᠳᠠᠵᠤ᠂ | ᠬᠤᠰᠢᠭᠤᠨ ᠤ ᠬᠠᠷᠢᠶ᠎ᠠ ᠡᠯ᠎ᠡ ᠨᠠᠮ ︵ᠠᠵᠢᠯ︶ ᠤᠨ ᠬᠤᠷᠢᠶ᠎ᠠ ᠶᠢᠨ ᠱᠦᠵᠢ ᠪᠤᠶᠤ ᠳᠡᠳ᠋ ᠱᠦᠵᠢ᠂ ᠨᠠᠮ ᠤᠨ | ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠭᠡᠰᠢᠭᠦᠨ ᠵᠢᠴᠢ ᠪᠥᠬᠦ ᠺᠠᠳ᠋ᠷᠴᠤᠳ ᠭᠤᠣᠯ ᠬᠤᠷᠠᠯ ᠤᠨ | ᠲᠠᠯᠠᠪᠠᠶ ᠳᠤ ᠣᠷᠣᠯᠴᠠᠵᠤ᠂ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ | ᠤᠳᠤᠷᠢᠳᠬᠤ ᠪᠠᠭ ᠤᠨ ᠭᠡᠰᠢᠭᠦᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | | | ᠰᠦᠸᠧ ᠮᠢᠩ ᠢᠦᠢ ᠵᠢᠭᠠᠪᠣᠷᠢᠯᠠᠭᠰᠠᠨ ᠨᠢ᠂ 2022 ᠣᠨ ᠤ ᠪᠦᠬᠦ ᠬᠤᠰᠢᠭᠤᠨ ᠤ ᠵᠣᠬᠢᠶᠠᠨ ᠪᠠᠶᠢᠭᠤᠯᠬᠤ | ᠠᠵᠢᠯ ᠨᠢ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ | ᠰᠠᠭᠤᠷᠢᠯᠠᠨ ᠺᠠᠳ᠋ᠷ ᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢᠲᠠᠨ ᠢ ᠲᠥᠪᠯᠡᠷᠡᠭᠦᠯᠵᠦ᠂ ᠨᠢᠭᠲᠠ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠦᠨ ᠳᠠᠶᠢᠴᠢᠨ ᠪᠠᠬᠢᠯᠡᠯᠲᠡ ᠶᠢ ᠪᠠᠶᠢᠭᠤᠯᠵᠤ᠂ | ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠭᠤᠣᠯ ᠠᠵᠢᠯ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠬᠦ ᠳᠤᠮᠳᠠ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠲᠣᠭᠲᠠᠭᠤᠨ ᠪᠠᠶᠢᠯᠭᠠᠬᠤ ᠶᠢᠨ ᠳᠤᠮᠳᠠ | ᠤᠷᠤᠭᠰᠢᠯᠠᠨ ᠳᠠᠪᠰᠢᠵᠤ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ | ᠳᠤᠨᠢ ᠬᠠᠷᠠᠭᠠᠯᠵᠠᠬᠤ ᠳᠤᠮᠳᠠ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠰᠢᠨ᠎ᠡ ᠠᠬᠢᠴᠠ ᠲᠠᠢ | ᠪᠣᠯᠬᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠵᠦ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠪᠠᠲᠤᠲᠠᠢ | ᠠᠬᠢᠭᠤᠯᠪᠠ᠃ | | | ᠰᠦᠸᠧ ᠮᠢᠩ ᠢᠦᠢ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ | ᠴᠤ ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠪᠦᠬᠦ | ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ | ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠯᠤᠰ᠂ ᠣᠷᠣᠨ᠂ ᠪᠦᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠠᠪᠤᠨ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ | ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ | ᠠᠵᠢᠯ ᠤᠨ ᠬᠤᠷᠠᠯ ᠠᠴᠠ ᠳᠤᠷᠠᠳᠤᠭᠰᠠᠨ ᠣᠳᠣᠬᠢᠴᠢᠯᠠᠭᠰᠠᠨ ᠲᠦᠩᠯᠢᠶᠣᠣ ᠶᠢ ᠪᠦᠲᠦᠭᠡᠨ ᠪᠠᠶᠢᠭᠤᠯᠬᠤ ᠪᠣᠳᠠᠰ ᠤᠨ | ᠰᠠᠭᠤᠷᠢ ᠶᠢ ᠪᠠᠲᠤᠳᠬᠠᠬᠤ ᠵᠢᠷᠭᠤᠭᠠᠨ ᠵᠦᠢᠯ ᠤᠨ ᠭᠤᠣᠯ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ | ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠳᠣᠷᠬᠠᠢ | ᠲᠣᠭᠲᠠᠭᠠᠭᠰᠠᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ | ᠪᠣᠯᠬᠤ ᠶᠡᠷᠦᠩᠬᠡᠢ ᠬᠠᠷᠠᠯᠲᠠ ᠶᠢ ᠲᠣᠭᠲᠠᠭᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠣᠨᠣᠯ ᠢᠶᠠᠷ ᠵᠡᠪᠰᠡᠭᠯᠡᠬᠦ᠂ ᠮᠡᠷᠭᠡᠳ ᠢ ᠰᠣᠩᠭᠤᠵᠤ ᠴᠢᠳᠠᠪᠤᠷᠢᠲᠠᠨ ᠢ ᠬᠡᠷᠡᠭᠯᠡᠬᠦ᠂ | ᠴᠢᠳᠠᠪᠤᠷᠢᠲᠠᠨ ᠢ ᠬᠥᠮᠥᠵᠢᠭᠦᠯᠵᠦ ᠴᠢᠳᠠᠪᠤᠷᠢᠲᠠᠨ ᠢ ᠴᠤᠭᠯᠠᠭᠤᠯᠬᠤ᠂ ᠰᠠᠭᠤᠷᠢ ᠪᠠᠨ ᠪᠠᠲᠤᠳᠬᠠᠨ ᠦᠨᠳᠦᠰᠦ ᠪᠠᠨ | ᠪᠠᠬᠢᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨ ᠬᠦ | ᠴᠢᠩᠭᠠᠳᠬᠠᠨ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ | ᠪᠠᠶᠢᠭᠤᠯᠵᠤ᠂ ᠴᠢᠳᠠᠪᠤᠷᠢᠲᠠᠨ ᠴᠤᠭᠯᠠᠷᠠᠭᠰᠠᠨ ᠥᠨᠳᠦᠷᠯᠢᠭ ᠭᠠᠵᠠᠷ ᠢ ᠴᠣᠭᠴᠠᠯᠠᠨ ᠪᠠᠶᠢᠭᠤᠯᠵᠤ᠂ ᠪᠥᠬᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠨ᠎ᠠ ᠭᠡᠪᠡ᠃ | | | ᠰᠦᠸᠧ ᠮᠢᠩ ᠢᠦᠢ ᠱᠠᠭᠠᠷᠳᠠᠭᠰᠠᠨ ᠨᠢ᠂ 2023 ᠣᠨ ᠤ ᠪᠥᠬᠦ ᠬᠤᠰᠢᠭᠤᠨ ᠤ ᠵᠣᠬᠢᠶᠠᠨ ᠪᠠᠶᠢᠭᠤᠯᠬᠤ | ᠠᠵᠢᠯ ᠢ ᠰᠠᠶᠢᠲᠤᠷ ᠬᠢᠬᠦ ᠳᠤ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ | ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ︔ | ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ | ︽ᠴᠢᠳᠠᠪᠤᠷᠢᠲᠠᠨ ᠢᠶᠠᠷ ᠬᠤᠰᠢᠭᠤ ᠢᠶᠠᠨ ᠬᠦᠴᠦᠷᠬᠡᠭᠵᠢᠭᠦᠯᠬᠦ︾ ᠪᠠᠷ ᠶᠡᠷᠦᠩᠬᠡᠢ ᠬᠠᠷᠠᠯᠲᠠ ᠪᠣᠯᠭᠠᠵᠤ᠂ ᠴᠢᠨᠠᠷ | ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠦᠳᠡᠯᠭᠡᠬᠦ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ | ᠬᠡᠷᠡᠭᠲᠡᠢ︔ ᠦᠨᠳᠦᠰᠦᠨ ᠱᠠᠲᠤᠨ ᠤ ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ︽ᠰᠢᠨ᠎ᠡ ᠶᠢ ᠡᠭᠦᠳᠬᠦ ᠲᠡᠷᠢᠭᠦᠨ ᠤ | ᠬᠢ ᠶᠢ ᠡᠭᠦᠳᠬᠦ ᠪᠦᠲᠦᠭᠡᠨ ᠪᠠᠶᠢᠭᠤᠯᠤᠯᠲᠠ ᠶᠢᠨ ᠣᠨ︾ ᠢᠶᠠᠷ ᠰᠢᠵᠢᠮ ᠪᠣᠯᠭᠠᠵᠤ᠂ ᠰᠡᠳᠬᠢᠬᠦᠢ ᠪᠠᠨ ᠴᠢᠯᠦᠭᠡᠯᠡᠬᠦ | ᠪᠠᠷ ᠳᠠᠮᠵᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠡᠭᠦᠷᠭᠡ ᠲᠣᠰᠢᠶᠠᠯ ᠢᠶᠠᠨ | ᠭᠦᠢᠴᠡᠳᠬᠡᠬᠦ ᠪᠠᠷ ᠬᠠᠷᠢᠭᠤᠴᠠᠯᠭ᠎ᠠ ᠪᠠᠨ ᠢᠯᠡᠳᠬᠡᠬᠦ ᠶᠢ ᠪᠠᠷᠢᠮᠲᠠᠯᠠᠵᠤ᠂ ᠠᠵᠢᠯᠴᠢ ᠬᠥᠳᠡᠯᠮᠦᠷᠢᠴᠢ ᠠᠷᠢᠭᠤᠨ | ᠴᠢᠬᠡᠴᠢ ᠪᠠᠷ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ ᠭᠡᠪᠡ᠃ | | | |