ᠵᠠᠷᠤᠳ ᠬᠤᠰᠢᠭᠤ ᠶᠢᠨ ︽ᠠᠨᠠᠷ ᠤᠨ ᠦᠷ᠎ᠡ ᠰᠠᠷ᠎ᠠ ᠶᠢᠨ ᠰᠡᠳᠬᠦᠯ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2023/3/24
     ᠣᠶᠢᠷ᠎ᠠ ᠳᠤ᠂ ᠵᠠᠷᠤᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠠᠨᠠᠷ ᠤᠨ ᠦᠷ᠎ᠡ ᠰᠠᠷ᠎ᠠ ᠶᠢᠨ ᠰᠡᠳᠬᠦᠯ︾ ᠢ ᠨᠡᠶᠢᠲᠡᠯᠡᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠳᠤ ᠬᠦᠴᠦ ᠨᠡᠮᠡᠷᠢᠯᠡᠪᠡ᠃     ︽ᠰᠠᠷ᠎ᠠ ᠶᠢᠨ ᠰᠡᠳᠬᠦᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠤᠯᠭᠠᠬᠤ ᠪᠠᠷ ᠭᠤᠤᠯ ᠱᠤᠭᠤᠮ ᠪᠤᠯᠭᠠᠨ᠂ ᠵᠢᠷᠤᠭ ᠪᠢᠴᠢᠭ ᠢ ᠬᠤᠣᠰᠯᠠᠭᠤᠯᠬᠤ ᠬᠡᠯᠪᠡᠷᠢ ᠪᠠᠷ ᠠᠵᠢᠯ ᠤᠨ ᠪᠠᠶᠢᠳᠠᠯ᠂ ᠲᠡᠷᠢᠭᠦᠨ ᠤ ᠬᠥᠮᠥᠰ ᠤᠨ ᠦᠶᠯᠡ ᠠᠵᠢᠯᠯᠠᠭ᠎ᠠ ᠶᠢᠨ ᠮᠠᠲ᠋ᠧᠷᠢᠶᠠᠯ᠂ ᠨᠡᠶᠢᠲᠡᠯᠢᠭ ᠠᠵᠢᠯ ᠤᠨ ᠲᠤᠷᠰᠢᠯᠭ᠎ᠠ ᠪᠠᠨ ᠰᠤᠯᠢᠯᠴᠠᠬᠤ ᠵᠢᠴᠢ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠵᠡᠷᠭᠡ ᠠᠭᠤᠯᠭ᠎ᠠ ᠶᠢ ᠨᠡᠶᠢᠲᠡᠯᠡᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠤᠬᠠᠭᠤᠯᠪᠠ᠃     
微信图片_20230324101613.jpg
     ︽ᠰᠠᠷ᠎ᠠ ᠶᠢᠨ ᠰᠡᠳᠬᠦᠯ︾ ᠢ ᠦᠨ᠎ᠡ ᠲᠥᠯᠥᠪᠦᠷᠢ ᠦᠭᠡᠢ ᠪᠠᠷ ᠬᠦᠷᠭᠡᠨ ᠦᠵᠡᠭᠦᠯᠬᠦ ᠬᠡᠯᠪᠡᠷᠢ ᠪᠠᠷ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ᠂ ᠡᠯ᠎ᠡ ᠰᠤᠮᠤ ᠪᠠᠯᠭᠠᠰᠤ ᠲᠠᠯᠠᠪᠠᠶ᠂ ᠰᠤᠷᠭᠠᠭᠤᠯᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠳᠤ᠂ ︽ᠵᠣᠭᠤᠰ ᠵᠠᠷᠤᠴᠠᠭᠤᠯᠬᠤ ᠦᠭᠡᠢ᠂ ᠦᠵᠡᠵᠦ ᠣᠶᠢᠯᠠᠭᠠᠬᠤ᠂ ᠬᠡᠷᠡᠭᠯᠡᠵᠦ ᠳᠡᠶᠢᠯᠬᠦ᠂ ᠰᠤᠷᠭᠠᠨ ᠬᠥᠮᠦᠵᠢᠯ ᠭᠥᠷᠳᠡᠬᠦ︾ ᠬᠡᠪᠯᠡᠭᠳᠡᠬᠦᠨ ᠢᠶᠠᠷ ᠬᠡᠷᠡᠭᠯᠡᠨ ᠲᠠᠷᠬᠠᠭᠠᠵᠦ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠬᠥᠲᠥᠯᠥᠨ ᠵᠣᠷᠢᠭᠵᠢᠭᠤᠯᠵᠤ ᠪᠠᠶᠢᠭᠠᠳ ᠨᠠᠩ ᠢᠯᠡᠭᠦᠦ ᠥᠭᠡᠳᠡᠯᠡᠨ ᠲᠠᠪᠰᠢᠬᠤ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号