| ᠣᠶᠢᠷ᠎ᠠ ᠳᠤ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠱᠦᠵᠢ ᠨᠠᠷ ᠤᠨ | ᠲᠤᠰᠬᠠᠢ ᠰᠡᠳᠦᠪᠲᠦ ᠬᠤᠷᠠᠯ ᠢ ᠡᠷᠭᠢᠯᠡᠨ ᠬᠢᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ | ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠪᠠᠶᠢᠳᠠᠯ ᠢ ᠰᠣᠨᠣᠰᠪᠠ᠃ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠬᠤᠷᠠᠯ ᠳᠤ ᠣᠷᠣᠯᠴᠠᠪᠠ᠃ | | | ᠬᠤᠷᠠᠯ ᠠᠴᠠ ᠵᠢᠭᠠᠪᠣᠷᠢᠯᠠᠭᠰᠠᠨ ᠨᠢ᠂ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠤᠮᠳᠠ᠂ | ᠴᠠᠭᠳᠠᠨ ᠪᠠᠶᠢᠴᠠᠭᠠᠬᠤ ᠪᠠᠶᠢᠭᠤᠯᠤᠮᠵᠢ ᠤᠯᠤᠰ ᠲᠥᠷᠥ ᠶᠢᠨ ᠴᠠᠭᠳᠠᠨ ᠪᠠᠶᠢᠴᠠᠭᠠᠬᠤ ᠪᠠᠶᠢᠷᠢ ᠲᠣᠭᠲᠠᠭᠠᠯᠲᠠ ᠪᠠᠨ | ᠪᠠᠲᠤ ᠰᠠᠬᠢᠵᠤ᠂ ᠴᠠᠭᠳᠠᠨ ᠪᠠᠶᠢᠴᠠᠭᠠᠬᠤ ᠠᠵᠢᠯ ᠤᠨ ᠴᠢᠭᠯᠡᠯᠲᠡ ᠶᠢ ᠡᠷᠡᠰ ᠲᠤᠤᠱᠯᠠᠭᠤᠯᠵᠤ᠂ ︽ᠬᠤᠶᠠᠷ ᠢ | ᠬᠠᠮᠠᠭᠠᠯᠠᠬᠤ︾ ᠶᠢ ᠦᠨᠳᠦᠰᠦᠨ ᠡᠭᠦᠷᠭᠡ ᠪᠠᠨ ᠪᠣᠯᠭᠠᠵᠤ᠂ ᠲᠤᠰᠬᠠᠢ ᠰᠡᠳᠦᠪᠲᠦ ᠮᠡᠳᠡᠭᠦᠯᠦᠯᠲᠡ ᠳᠤ ᠪᠠᠨ ᠴᠠᠭᠳᠠᠨ | ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠲᠠᠯ᠎ᠠ ᠪᠠᠷ ᠬᠦᠴᠦᠲᠡᠢ ᠪᠢᠰᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠬᠦᠷᠦᠯᠴᠡᠬᠦ | ᠦᠭᠡᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠢᠶᠠᠷ ᠴᠢᠩᠭ᠎ᠠ ᠪᠢᠰᠢ᠂ ᠣᠯᠠᠨ ᠲᠦᠮᠡᠨ ᠳᠤ | ᠦᠢᠯᠡᠴᠢᠯᠡᠬᠦ ᠳᠡᠭᠡᠨ ᠵᠥᠷᠢᠶ᠎ᠡ ᠲᠠᠢ ᠵᠡᠷᠭᠡ ᠠᠰᠠᠭᠤᠳᠠᠯ ᠢ ᠪᠠᠶᠢᠴᠠᠭᠠᠨ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ | ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ | ᠬᠠᠩᠭᠠᠭᠰᠠᠨ ᠪᠠᠶᠢᠨ᠎ᠠ ᠭᠡᠪᠡ᠃ | ᠬᠤᠷᠠᠯ ᠠᠴᠠ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠢ ᠠᠳᠬᠤᠵᠤ᠂ ᠬᠤᠷᠠᠯ ᠤᠨ ᠳᠠᠷᠠᠭ᠎ᠠ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠶᠢ ᠦᠳᠲᠡᠷ | ᠲᠦᠷᠭᠡᠨ ᠵᠣᠬᠢᠶᠠᠨ ᠪᠠᠶᠢᠭᠤᠯᠵᠤ᠂ ᠪᠦᠬᠦ ᠠᠰᠠᠭᠤᠳᠠᠯ ᠢ ᠪᠤᠰᠤᠳᠴᠢ ᠪᠠᠷ᠂ ᠦᠨᠡᠨ ᠪᠣᠳᠠᠲᠠᠢ ᠪᠠᠷ ᠲᠥᠪ ᠴᠢᠩᠭ᠎ᠠ ᠪᠠᠷ | ᠬᠠᠷᠢᠭᠤ ᠲᠤᠰᠬᠠᠬᠤ ᠬᠡᠷᠡᠭᠲᠡᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠲᠠᠪᠣᠷᠢᠵᠢᠭᠤᠯᠬᠤ ᠶᠢ ᠰᠢᠪᠠᠳᠠᠬᠤ ᠬᠡᠷᠡᠭᠲᠡᠢ᠃ | ᠨᠢᠭᠡᠳᠦᠯᠲᠡᠢ ᠲᠥᠯᠥᠪᠯᠡᠨ ᠰᠢᠪᠠᠳᠠᠬᠤ ᠪᠠ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠰᠠᠶᠢᠲᠤᠷ ᠬᠢᠵᠦ᠂ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠤᠳ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠴᠠᠷᠠᠭ᠎ᠠ ᠶᠢᠨ ᠢᠶᠠᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ︵ᠳᠠᠭᠠᠭᠠᠨ ᠬᠤᠯᠪᠣᠭᠠᠯᠠᠵᠤ ᠪᠠᠶᠢᠭ᠎ᠠ︶ ᠴᠠᠭᠳᠠᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠪᠣᠶ ᠪᠦᠬᠦᠢ ᠠᠰᠠᠭᠤᠳᠠᠯ ᠢ ᠦᠷᠭᠦᠯᠵᠢᠯᠡᠨ ᠪᠣᠲᠠᠲᠠᠢ᠂ | ᠲᠤᠶᠢᠯᠪᠤᠷᠢᠲᠠᠢ ᠥᠭᠡᠷᠡᠴᠢᠯᠡᠬᠦ ᠶᠢ ᠰᠢᠪᠠᠳᠠᠬᠤ ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠴᠠᠭᠳᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ | ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠪᠠ ᠴᠡᠭᠴᠡᠯᠡᠨ | ᠰᠠᠶᠢᠵᠢᠷᠠᠭᠤᠯᠬᠤ ᠮᠡᠳᠡᠭᠦᠯᠦᠯᠲᠡ ᠶᠢ ᠴᠢᠩᠭ᠎ᠠ ᠬᠢᠨᠠᠨ ᠬᠠᠷᠭᠤᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ | ᠴᠠᠭᠳᠠᠨ ᠪᠠᠶᠢᠴᠠᠭᠠᠬᠤ ᠠᠯᠪᠠᠨ ᠭᠡᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠮᠥᠷᠳᠡᠨ ᠰᠢᠪᠠᠳᠠᠬᠤ᠂ | ᠬᠤᠷᠢᠶᠠᠩᠭᠤᠶᠢᠯᠠᠨ ᠵᠠᠳᠠᠯᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠠᠭᠳᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠣᠶᠢᠯᠠᠭᠠᠬᠤ ᠬᠡᠷᠡᠭᠲᠡᠢ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢᠶᠠᠨ ᠪᠦᠲᠦᠮᠵᠢᠲᠡᠢ ᠬᠡᠷᠡᠭᠯᠡᠬᠦ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠢᠯᠡᠷᠡᠭᠦᠯᠦᠭᠰᠡᠨ | ᠨᠡᠶᠢᠳᠡᠮ ᠤᠨ ᠴᠢᠨᠠᠷᠲᠠᠢ ᠠᠰᠠᠭᠤᠳᠠᠯ᠂ ᠠᠵᠢᠯ ᠲᠦᠷᠦᠯ ᠤᠨ ᠬᠦᠷᠢᠶᠡᠨ ᠤ ᠰᠢᠰᠲ᠋ᠧᠮ ᠤᠨ ᠴᠢᠨᠠᠷᠲᠠᠢ ᠠᠰᠠᠭᠤᠳᠠᠯ ᠳᠤ | ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠳᠦᠷᠢᠮ ᠲᠣᠭᠲᠠᠴᠠ ᠪᠠᠨ | ᠲᠡᠭᠦᠯᠳᠡᠷᠵᠢᠭᠦᠯᠵᠦ᠂ ᠰᠢᠰᠲ᠋ᠥᠮᠲᠦ ᠵᠠᠰᠠᠯᠲᠠ ᠶᠢ ᠭᠦᠨᠵᠡᠭᠡᠶᠢᠷᠡᠭᠦᠯᠵᠦ᠂ ᠭᠦᠨ ᠳᠠᠪᠬᠤᠷᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠠᠭᠳᠠᠨ | ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ᠂ ᠤᠯᠤᠰ | ᠲᠦᠷᠦ ᠶᠢᠨ ᠠᠮᠢ ᠠᠬᠤᠢ ᠵᠡᠷᠭᠡ ᠪᠠᠶᠢᠳᠠᠯ ᠢ ᠰᠤᠳᠤᠯᠤᠨ ᠮᠠᠭᠠᠳᠯᠠᠬᠤ ᠶᠢᠨ ᠴᠢᠬᠤᠯᠠ ᠯᠠᠪᠯᠠᠯᠲᠠ ᠪᠣᠯᠭᠠᠬᠤ ᠪᠠ | ᠤᠳᠤᠷᠢᠳᠬᠤ ᠪᠠᠭ ᠤᠨ ᠪᠠᠶᠢᠭᠤᠯᠤᠯᠲᠠ ᠪᠠ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠢᠯᠢᠨ ᠳᠡᠪᠰᠢᠭᠦᠯᠵᠦ ᠲᠣᠮᠢᠯᠠᠨ | ᠬᠡᠷᠡᠭᠯᠡᠬᠦ᠂ ᠬᠢᠨᠠᠯᠲᠠ ᠲᠠᠯᠪᠢᠵᠤ ᠬᠠᠮᠢᠶᠠᠷᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠪᠠᠲᠤ ᠡᠵᠡᠮᠰᠢᠵᠦ᠂ ︽ᠬᠤᠶᠠᠷ ᠢ | ᠬᠠᠮᠠᠭᠠᠯᠠᠬᠤ︾ ᠶᠢ ᠢᠮᠠᠭᠲᠠ ᠴᠠᠭᠳᠠᠨ ᠪᠠᠶᠢᠴᠠᠭᠠᠬᠤ ᠦᠨᠳᠦᠰᠦᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠠᠭᠤᠯᠭ᠎ᠠ ᠳᠤ ᠣᠷᠣᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ | ᠴᠢᠩᠭ᠎ᠠ ᠠᠳᠬᠤᠨ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ | ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ ᠴᠢᠬᠤᠯᠠ ᠲᠥᠷᠥ ᠶᠢᠨ ᠪᠣᠳᠣᠯᠭ᠎ᠠ᠂ ᠴᠢᠬᠤᠯᠠ | ᠱᠠᠭᠠᠷᠳᠠᠯᠭ᠎ᠠ ᠶᠢ ᠬᠢᠷᠢ ᠵᠡᠷᠭᠡ ᠲᠤᠤᠱᠯᠠᠭᠤᠯᠵᠤ ᠪᠠᠶᠢᠬᠤ ᠶᠢ ᠦᠵᠡᠵᠦ᠂ ᠲᠣᠰ ᠰᠠᠯᠠᠭ᠎ᠠ ᠮᠥᠴᠢᠷ ᠤᠨ ᠬᠢᠨ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠭᠰᠡᠨ ᠡᠰᠡᠬᠦ ᠶᠢ ᠦᠵᠡᠬᠦ ᠬᠡᠷᠡᠭᠲᠡᠢ᠃ ᠠᠷᠪᠠᠨ ᠭᠤᠷᠪᠠᠳᠤᠭᠠᠷ ᠬᠤᠭᠤᠴᠠᠭᠠᠨ ᠤ | ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ | ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠥᠷᠲᠡᠭ ᠤᠨ ᠬᠠᠨᠳᠤᠯᠭ᠎ᠠ ᠶᠢ | ᠪᠠᠷᠢᠮᠲᠠᠯᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠪᠤᠶᠤ ᠲᠤᠰᠬᠠᠯ ᠶᠡᠬᠡᠲᠡᠢ | ᠲᠣᠪᠣᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠲᠤ ᠴᠠᠭᠳᠠᠨ ᠪᠠᠶᠢᠴᠠᠭᠠᠬᠤ ᠠᠵᠢᠯ ᠪᠦᠬᠦᠨ ᠢ ᠬᠠᠮᠤᠷᠬᠤ ᠶᠢ ᠴᠢᠨᠠᠷ ᠰᠠᠶᠢᠲᠠᠢ ᠠᠬᠢᠭᠤᠯᠵᠤ᠂ | ᠣᠯᠠᠨ ᠲᠦᠮᠡᠨ ᠤ ᠠᠩᠬᠠᠷᠴᠤ ᠪᠠᠶᠢᠭ᠎ᠠ ︽ᠪᠠᠭ᠎ᠠ ᠠᠰᠠᠭᠤᠳᠠᠯ︾ ᠢ ᠰᠢᠢᠳᠪᠦᠷᠢᠯᠡᠬᠦ ᠶᠢ ᠠᠬᠢᠭᠤᠯᠬᠤ ᠪᠠᠷ ᠳᠡᠮᠵᠢᠨ᠂ | ᠠᠷᠠᠳ ᠤᠨ ᠰᠡᠳᠬᠢᠯ ᠢ ᠣᠯᠬᠤ ᠬᠡᠷᠡᠭᠲᠡᠢ᠃ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠦᠷᠭᠦᠯᠵᠢᠯᠡᠨ | ᠪᠠᠬᠢᠵᠢᠭᠦᠯᠦᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ | ᠠᠭᠤᠰᠤᠯᠴᠠᠭᠤᠯᠬᠤ᠂ ᠵᠣᠬᠢᠴᠠᠭᠤᠯᠤᠨ ᠬᠠᠮᠵᠢᠯᠴᠠᠭᠤᠯᠬᠤ ᠶᠢ ᠠᠬᠢᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ | ᠬᠡᠷᠡᠭᠲᠡᠢ᠃ ︽ᠭᠤᠣᠯ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠪᠠᠨ ᠨᠡᠮᠡᠭᠳᠡᠭᠦᠯᠵᠦ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠡᠷᠬᠡ ᠶᠢᠨ ᠠᠵᠢᠯᠯᠠᠭᠠᠨ ᠳᠤ | ᠢᠯᠵᠠᠷᠠᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠦᠵᠡᠵᠦ᠂ ᠴᠠᠭᠳᠠᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ | ᠴᠢᠩᠭ᠎ᠠ ᠠᠩᠬᠠᠷᠴᠤ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠠᠵᠢᠯ ᠲᠦᠷᠦᠯ ᠤᠨ ᠬᠦᠷᠢᠶᠡᠨ ᠤ | ᠣᠨᠴᠠᠯᠢᠭ ᠢ ᠣᠨᠣᠴᠠᠲᠠᠢ ᠪᠠᠷ ᠡᠵᠡᠮᠳᠡᠵᠦ᠂ ᠤᠯᠤᠰ ᠲᠦᠷᠦ ᠶᠢᠨ ᠠᠰᠠᠭᠤᠳᠠᠯ ᠪᠠ ᠢᠯᠵᠠᠷᠠᠯ ᠤᠨ ᠠᠰᠠᠭᠤᠳᠠᠯ | ᠰᠣᠯᠪᠢᠴᠠᠭᠰᠠᠨ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠢ ᠡᠷᠢᠵᠦ᠂ ᠨᠡᠶᠢᠲᠡᠯᠢᠭ ᠴᠢᠨᠠᠷᠲᠠᠢ | ᠠᠰᠠᠭᠤᠳᠠᠯ ᠪᠠ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠭᠦᠨᠵᠡᠭᠡᠢ ᠡᠷᠢᠵᠦ᠂ ᠴᠠᠭᠳᠠᠨ | ᠪᠠᠶᠢᠴᠠᠭᠠᠵᠤ ᠬᠢᠨᠠᠯᠲᠠ ᠲᠠᠯᠪᠢᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠶᠢᠨ ᠰᠦᠷᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ | ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠂ ᠬᠠᠷᠢᠭᠤ ᠮᠡᠳᠡᠭᠦᠯᠦᠯᠲᠡ ᠰᠣᠨᠣᠰᠬᠤ | ᠪᠠᠶᠢᠳᠠᠯ ᠢ ᠦᠵᠡᠬᠦ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠢᠯᠡᠷᠡᠭᠦᠯᠦᠭᠰᠡᠨ ᠭᠦᠨᠴᠡ ᠨᠢ | ᠬᠦᠷᠦᠯᠴᠡᠬᠦ ᠦᠭᠡᠢ᠂ ᠭᠦᠶᠦᠬᠡᠨ ᠳᠠᠪᠬᠤᠷᠭ᠎ᠠ ᠶᠢᠨ ᠠᠰᠠᠭᠤᠳᠠᠯ ᠪᠠ ᠠᠷᠰᠠᠷ ᠶᠠᠪᠤᠳᠠᠯ ᠤᠯᠠᠨ ᠪᠠᠶᠢᠬᠤ᠂ ᠭᠤᠣᠯᠯᠠᠬᠤ | ᠡᠭᠦᠷᠭᠡ ᠴᠢᠳᠠᠪᠤᠷᠢ ᠶᠢᠨ ᠲᠣᠭᠤᠷᠢᠨ ᠳᠤ ᠠᠰᠠᠭᠤᠳᠠᠯ ᠤᠨ ᠠᠷᠤ ᠳᠠᠬᠢ ᠬᠠᠷᠢᠭᠤᠴᠠᠯᠭ᠎ᠠ ᠢᠯᠡᠷᠡᠭᠦᠯᠦᠭᠰᠡᠨ ᠢᠶᠠᠷ | ᠭᠦᠢᠴᠡᠳ ᠦᠭᠡᠢ᠂ ᠴᠠᠭᠳᠠᠨ ᠪᠠᠶᠢᠴᠠᠭᠠᠵᠤ ᠰᠦᠷᠳᠡᠭᠦᠯᠬᠦ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠬᠦᠴᠦᠨ | ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠬᠢᠨ ᠲᠤᠰ | ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠲᠤᠰ ᠪᠡᠶ᠎ᠡ ᠶᠢᠨ | ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠠᠭᠳᠠᠨ ᠪᠠᠶᠢᠴᠠᠭᠠᠬᠤ ᠺᠠᠳ᠋ᠷᠴᠤᠳ ᠤᠨ ᠤᠯᠤᠰ ᠲᠦᠷᠦ | ᠤᠨᠤᠯ ᠤᠨ ᠪᠣᠯᠪᠠᠰᠤᠷᠠᠯ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠣᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠢᠶᠠᠨ ᠦᠨᠡᠨᠬᠦ ᠪᠣᠳᠠᠲᠠᠢ ᠬᠢᠵᠦ᠂ ᠠᠰᠠᠭᠤᠳᠠᠯ ᠢ ᠭᠦᠨᠵᠡᠭᠡᠢ | ᠴᠠᠭᠳᠠᠨ ᠪᠠᠶᠢᠴᠠᠭᠠᠵᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠬᠤ | ᠬᠡᠷᠡᠭᠲᠡᠢ᠃ ᠴᠠᠭᠳᠠᠨ ᠪᠠᠶᠢᠴᠠᠭᠠᠬᠤ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠴᠠᠭᠳᠠᠨ | ᠪᠠᠶᠢᠴᠠᠭᠠᠬᠤ ᠪᠠᠷ ᠬᠤᠪᠢ ᠪᠠᠨ ᠪᠣᠷᠳᠣᠬᠤ ᠶᠢ ᠡᠷᠡᠰ ᠰᠡᠷᠭᠡᠶᠢᠯᠡᠵᠦ᠂ ︽ᠳ᠋ᠧᠩ ᠤᠨ ᠳᠣᠣᠷ᠎ᠠ ᠪᠦᠳᠡᠬᠢ︾ ᠪᠣᠯᠬᠤ ᠶᠢ | ᠡᠷᠡᠰ ᠰᠡᠷᠭᠡᠶᠢᠯᠡᠵᠦ᠂ ᠲᠡᠮᠦᠷ ᠮᠡᠲᠦ ᠰᠠᠬᠢᠯᠭ᠎ᠠ ᠪᠠᠲᠤ ᠪᠠᠷ ᠨᠠᠮ ᠳᠠᠭᠠᠨ ᠦᠨᠡᠨᠴᠢ ᠰᠢᠳᠤᠷᠭᠤ ᠴᠠᠭᠳᠠᠨ ᠪᠠᠶᠢᠴᠠᠭᠠᠬᠤ | ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | |