ᠪᠦᠦ ᠸᠧᠨ ᠯᠠᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/3/27
    3 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠦᠯ ᠵᠦᠢᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠳᠡᠳ᠋ ᠳᠠᠷᠤᠭ᠎ᠠ ᠼᠦᠢ ᠯᠧᠢ ᠯᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
8a4e0b39b603b2b42d277aca288688c.jpg
77625ddf420b887eb5e254a66ad75d5.jpg
    ᠪᠦᠦ ᠸᠧᠨ ᠯᠠᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠯᠦᠪᠧᠢ ᠪᠠᠯᠭᠠᠰᠤ᠂ ᠪᠠᠶᠠᠷᠲᠣᠬᠤᠰᠢᠭᠤ ᠪᠠᠯᠭᠠᠰᠤ᠂ ᠵᠢᠷᠦᠬᠡ ᠪᠠᠯᠭᠠᠰᠤ᠂ ᠰᠢᠶᠠᠩᠱᠠᠨ ᠪᠠᠯᠭᠠᠰᠤ ᠵᠡᠷᠭᠡ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠠᠬᠤᠢ ᠲᠠᠯᠠᠪᠠᠢ ᠳᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠡᠯ᠎ᠡ ᠭᠠᠵᠠᠷ ‍ᠤᠨ‌ᠡᠪᠡᠰᠦ ᠬᠤᠴᠢᠯᠠᠭ᠎ᠠ ᠦᠭᠡᠢ ᠨᠢᠴᠦᠭᠦᠨ ᠭᠠᠵᠠᠷ ᠢ ᠵᠠᠰᠠᠨ ᠰᠡᠷᠭᠦᠭᠡᠬᠦ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ᠂ ᠠᠭᠤᠷᠬᠠᠢ ᠶᠢ ᠵᠠᠰᠠᠨ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠬᠤ᠂ ᠠᠭᠤᠯᠠᠨ ᠦᠶᠡᠷ ᠲᠤ ᠢᠳᠡᠭᠳᠡᠭᠰᠡᠨ ᠭᠤᠤ ᠶᠢ ᠵᠠᠰᠠᠬᠤ ᠢᠨᠵᠧᠨᠧᠷᠢᠩ᠂ ᠦᠶᠡᠷ ᠢ ᠰᠡᠷᠭᠡᠶᠢᠯᠡᠬᠦ ᠬᠡᠷᠡᠮ᠂ ᠡᠯᠧᠺᠲᠷᠣᠨ ᠬᠠᠰᠢᠶ᠎ᠠ ᠰᠠᠷᠠᠪᠴᠢ ᠵᠡᠷᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠪᠠ ᠰᠡᠭᠦᠯᠴᠢ ᠶᠢᠨ ᠬᠤᠭᠤᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ 
952be532f34ed7fc2155aad017aa7aa.jpg
a72d50f26fe73986181f291d930e48e.jpg
    ᠰᠠᠭᠤᠳᠠᠯ ᠤᠨ ᠬᠤᠷᠠᠯ ᠳᠡᠭᠡᠷ᠎ᠡ᠂ ᠪᠦᠦ ᠸᠧᠨ ᠯᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠠᠬᠤᠶᠢᠴᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭ᠎ᠠ ᠶᠢᠨ ᠤᠬᠠᠮᠰᠠᠷ᠂ ᠪᠠᠴᠢᠮ ᠲᠤᠯᠭᠠᠮ᠎ᠠ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠣᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠠᠩᠬᠠᠨ ᠤ ᠬᠢᠨᠠᠯᠲᠠ ᠶᠢ ᠰᠠᠶᠢᠲᠤᠷ ᠬᠢᠵᠦ᠂ ᠵᠢᠷᠤᠭ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠥᠷᠥᠯ ᠵᠦᠢᠯ ᠤᠨ ᠠᠬᠢᠴᠠ᠂ ᠪᠠᠷᠢᠯᠭ᠎ᠠ ᠶᠢᠨ ᠶᠠᠰᠤ ᠴᠢᠨᠠᠷ ᠪᠣᠯᠣᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭ᠎ᠠ ᠠᠩᠬᠠᠷᠴᠤ᠂ ᠬᠡᠷᠡᠭᠵᠢᠭᠦᠯᠬᠦ ᠲᠥᠷᠥᠯ ᠵᠦᠢᠯ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠰᠠᠬᠢᠯᠭ᠎ᠠ ᠶᠢ ᠬᠡᠷᠡᠭᠵᠢᠭᠦᠯᠬᠦ ᠪᠠ ᠱᠠᠭᠠᠷᠳᠠᠨ ᠪᠠᠶᠢᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠤᠨ ᠪᠠᠷᠢᠯᠭ᠎ᠠ ᠪᠠᠷᠢᠬᠤ ᠨᠢᠭᠡᠴᠡ ᠪᠠ ᠬᠢᠨᠠᠨ ᠬᠠᠮᠢᠶᠠᠷᠬᠤ ᠨᠢᠭᠡᠴᠡ ᠶᠢᠨ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠠᠮᠢᠶᠠᠷᠴᠤ ᠬᠠᠮᠠᠭᠠᠯᠠᠬᠤ ᠪᠣᠭᠤᠮᠲᠠ ᠶᠢ ᠬᠢᠨᠠᠮᠠᠭᠠᠢ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠤᠯᠠᠨ ᠲᠦᠮᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号