3 ᠰᠠᠷ᠎ᠠ ᠶᠢᠨ 24 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠨ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠦᠨᠳᠦᠰᠦᠨ ᠱᠠᠲᠤᠨ ᠤ ᠦᠢᠯᠡᠴᠢᠯᠡᠭᠡᠨ ᠤ | ᠴᠢᠳᠠᠪᠤᠷᠢ ᠪᠠᠨ ᠲᠡᠭᠡᠭᠰᠢᠯᠡᠬᠦᠯᠬᠦ ᠲᠤᠰᠬᠠᠢ ᠰᠡᠳᠦᠪᠲᠦ ᠠᠬᠢᠭᠤᠯᠬᠤ ᠬᠤᠷᠠᠯ ᠬᠢᠪᠡ᠃ ᠬᠤᠷᠠᠯ ᠠᠴᠠ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠭᠤᠣᠯᠳᠠᠯᠭ᠎ᠠ ᠲᠠᠢ ᠡᠭᠦᠷᠭᠡ ᠵᠢᠴᠢ ᠣᠷᠣᠰᠢᠨ ᠰᠠᠭᠤᠬᠤ ᠳᠤ ᠲᠣᠬᠢᠷᠠᠮᠵᠢᠲᠠᠢ ᠤᠷᠴᠢᠨ ᠨᠦᠬᠦᠴᠡᠯ ᠢ ᠪᠤᠢ ᠪᠤᠯᠭᠠᠬᠤ | ᠳᠤ ᠣᠯᠠᠨ ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠭᠦᠢᠴᠡᠳᠬᠡᠬᠦ ᠲᠤᠭ᠎ᠠ ᠡᠭᠦᠷᠭᠡ ᠳᠤ ᠵᠠᠳᠠᠯᠤᠯᠲᠠ | ᠬᠢᠵᠦ ᠨᠠᠷᠢᠨ ᠲᠠᠶᠢᠯᠪᠤᠷᠢ ᠬᠢᠪᠡ᠂ ᠡᠭᠦᠨ ᠤ ᠬᠠᠮᠲᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ᠂ | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠣᠶᠤᠨᠲᠤ | ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠡᠭᠦᠷᠭᠡ ᠳᠤ ᠪᠣᠳᠠᠲᠠᠢ ᠲᠣᠬᠢᠷᠠᠭᠤᠯᠤᠯᠲᠠ ᠬᠢᠵᠦ᠂ ᠪᠣᠳᠠᠲᠠᠢ | ᠠᠵᠢᠯ ᠤᠨ ᠱᠠᠭᠠᠷᠳᠠᠯᠭ᠎ᠠ ᠳᠤᠷᠠᠳᠪᠠ᠃ | | | |