ᠪᠥᠬᠦ ᠬᠤᠰᠢᠭᠤᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ | ᠠᠬᠢᠭᠤᠯᠵᠤ᠂ ᠦᠨᠳᠦᠰᠦᠨ ᠱᠠᠲᠤᠨ ᠤ ᠮᠠᠯ ᠠᠵᠤ ᠠᠬᠤᠢ ᠶᠢᠨ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 27 ᠤ ᠡᠳᠦᠷ᠂ ᠬᠤᠰᠢᠭᠤᠨ ᠤ ᠡᠮᠡᠭᠲᠡᠶᠢᠴᠦᠳ ᠤᠨ | ᠬᠤᠯᠪᠣᠭ᠎ᠠ ᠠᠴᠠ ᠬᠤᠰᠢᠭᠤᠨ ᠤ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠮᠠᠯ ᠠᠵᠤ ᠠᠬᠤᠢ ᠶᠢᠨ | ᠡᠭᠦᠯᠳᠡᠷ ᠰᠠᠶᠢᠵᠢᠷᠠᠭᠤᠯᠬᠤ ᠲᠥᠪ ᠲᠠᠢ ᠬᠠᠮᠳᠤᠷᠠᠨ᠂ ᠵᠢᠷᠤᠬᠡ ᠪᠠᠯᠭᠠᠰᠤᠨ ᠳᠤ ᠬᠦᠷᠴᠦ ᠠᠯᠠᠰᠢᠨ ᠦᠬᠡᠷ ᠤᠨ | ᠡᠭᠦᠯᠳᠡᠷ ᠰᠠᠶᠢᠵᠢᠷᠠᠭᠤᠯᠬᠤ᠂ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠡ᠃ | ᠪᠣᠯᠪᠠᠰᠤᠷᠠᠭᠤᠯᠤᠯ ᠨᠢ ᠣᠨᠣᠯ ᠤᠨ ᠮᠡᠳᠡᠯᠭᠡ ᠶᠢᠨ ᠬᠢᠴᠢᠶᠡᠯ ᠤᠷᠤᠬᠤ᠂ ᠠᠬᠤᠢ ᠲᠠᠯᠠᠪᠤᠷ ᠲᠤ ᠮᠠᠳᠠᠭ ᠲᠠᠢ | ᠠᠰᠠᠭᠤᠳᠠᠯ ᠢ ᠲᠠᠶᠢᠯᠬᠤ ᠪᠠ ᠡᠷᠦᠬᠡ ᠳᠤ ᠬᠦᠷᠴᠦ ᠵᠢᠯᠤᠭᠤᠳᠬᠤ ᠪᠠᠷ ᠳᠡᠮᠵᠢᠨ᠂ ᠲᠡᠵᠢᠭᠡᠪᠤᠷᠢ ᠶᠢᠨ ᠡᠷᠦᠬᠡ ᠳᠤ | ᠠᠯᠠᠰᠢᠨ ᠦᠬᠡᠷ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠷᠤᠮᠵᠢᠯ᠂ ᠠᠮᠢᠲᠠᠨ ᠤ ᠬᠢᠵᠢᠭ ᠢ | ᠰᠡᠷᠭᠡᠶᠢᠯᠡᠬᠦ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠬᠥᠬᠡ ᠲᠠᠷᠤᠰᠢ ᠡᠷᠳᠡᠨᠢ ᠰᠢᠰᠢ ᠳᠠᠷᠢᠬᠤ ᠵᠢᠴᠢ | ︽ᠭᠤᠷᠪᠠ ᠶᠢ ᠨᠥᠭᠡᠴᠡᠯᠡᠬᠦ︾ ᠮᠡᠷᠭᠡᠵᠢᠯ᠂ ᠠᠯᠠᠰᠢᠨ ᠦᠬᠡᠷ ᠢ ᠡᠭᠦᠯᠳᠡᠷ ᠰᠠᠶᠢᠵᠢᠷᠠᠭᠤᠯᠬᠤ᠂ ᠮᠠᠯ ᠵᠢᠭᠦᠷᠲᠡᠨ ᠤ | ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠬᠤ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠮᠡᠳᠡᠯᠭᠡ ᠶᠢ | ᠲᠠᠶᠢᠯᠪᠤᠷᠢᠯᠠᠪᠠ᠃ | | | |