3 ᠰᠠᠷ᠎ᠠ ᠶᠢᠨ 27 ᠤ ᠡᠳᠦᠷ᠂ ᠴᠢᠪᠠᠭᠠᠳᠤ ᠰᠤᠮᠤ ᠬᠢᠨ ᠰᠤᠮᠤ᠂ ᠭᠠᠴᠠᠭ᠎ᠠ ᠬᠤᠶᠠᠷ ᠱᠠᠲᠤᠨ ᠤ | ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃ | ᠰᠣᠷᠢᠯᠲᠠ ᠬᠢᠬᠦ ᠠᠴᠠ ᠡᠮᠦᠨ᠎ᠡ᠂ ᠠᠵᠢᠯᠲᠠᠳ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠤᠨ | ᠭᠤᠣᠯᠳᠠᠯᠭ᠎ᠠ᠂ ᠭᠠᠯ ᠤᠨᠲᠠᠷᠠᠭᠠᠬᠤ ᠪᠠᠭᠠᠵᠢ ᠶᠢᠨ ᠬᠡᠷᠡᠭᠯᠡᠯᠲᠡ᠂ ᠭᠠᠯ ᠭᠠᠷᠤᠭᠰᠠᠨ ᠭᠠᠵᠠᠷ ᠲᠤ ᠠᠩᠬᠠᠷᠬᠤ ᠵᠦᠢᠯᠡᠰ | ᠵᠡᠷᠭᠡ ᠲᠠᠯ᠎ᠠ ᠪᠠᠷ ᠪᠣᠯᠪᠠᠰᠤᠷᠠᠭᠤᠯᠤᠯ ᠦᠷᠨᠢᠭᠦᠯᠪᠡ᠃ ᠳᠠᠷᠠᠭ᠎ᠠ ᠳᠤᠨᠢ᠂ ᠭᠠᠯ ᠤᠨᠲᠠᠷᠠᠭᠠᠬᠤ ᠠᠩᠭᠢ ᠶᠢᠨ ᠬᠢᠨ ᠡᠯ᠎ᠡ | ᠱᠠᠲᠤᠨ ᠤ ᠣᠷᠣᠯᠴᠠᠭᠰᠠᠨ ᠬᠦᠴᠦᠨ ᠲᠠᠢ ᠨᠢᠭᠲᠠ ᠬᠠᠮᠵᠢᠯᠴᠠᠵᠤ᠂ ᠪᠦᠬᠦ ᠲᠠᠯ᠎ᠠ ᠪᠠᠷ ᠬᠠᠮᠵᠢᠯᠴᠠᠨ ᠬᠦᠴᠦᠯᠡᠵᠦ᠂ | ᠲᠠᠷᠤᠢ ᠲᠦᠷᠭᠡᠨ᠂ ᠠᠮᠤᠷ ᠲᠦᠪᠰᠢᠨ᠂ ᠡᠮᠬᠢ ᠳᠢᠭᠯᠢᠮ ᠲᠠᠢ ᠪᠠᠷ ᠳᠠᠭᠤᠷᠢᠶᠠᠮᠠᠯ ᠭᠠᠯ ᠢ ᠤᠨᠲᠠᠷᠠᠭᠠᠬᠤ ᠶᠢᠨ ᠬᠠᠮᠲᠤ | ᠦᠯᠡᠳᠡᠭᠰᠡᠨ ᠭᠠᠯ ᠤᠨ ᠰᠤᠷ ᠢ ᠴᠡᠪᠡᠷᠯᠡᠬᠦ᠂ ᠲᠤᠬᠠᠢ ᠶᠢᠨ ᠲᠠᠯᠠᠪᠤᠷ ᠲᠤ ᠬᠦᠮᠤᠨ ᠦᠯᠡᠳᠡᠭᠡᠨ ᠰᠠᠬᠢᠬᠤ ᠵᠡᠷᠭᠡ | ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠰᠣᠷᠢᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | | | |