| | 3 ᠰᠠᠷ᠎ᠠ ᠶᠢᠨ 26 ᠤ ᠡᠳᠦᠷ᠂ ᠲᠦᠩᠯᠢᠶᠣᠣ ᠬᠤᠲᠠ ᠶᠢᠨ 2023 ᠣᠨ ᠤ ᠴᠢᠨᠠᠷ ᠰᠠᠶᠢᠲᠠᠢ | ᠬᠥᠭᠵᠢᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ | ᠡᠬᠢᠯᠡᠭᠦᠯᠬᠦ ᠶᠣᠰᠣᠯᠠᠯ ᠺᠠᠶᠢᠯᠤ ᠰᠢᠶᠠᠨ ᠳᠤ ᠶᠠᠪᠤᠭᠳᠠᠪᠠ᠃ ᠵᠠᠷᠤᠳ ᠬᠤᠰᠢᠭᠤᠨ ᠤ ᠬᠢᠨ ᠥᠪᠥᠷ ᠮᠣᠩᠭᠤᠯ ᠤᠨ ᠺᠠᠩ | ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ | ᠱᠤᠤ ᠶᠠᠨ ᠵᠢᠶᠦ᠋ᠨ᠂ ᠪᠦᠦ ᠸᠧᠨ ᠯᠠᠨ᠂ ᠦ᠋ ᠴᠢᠩ ᠬᠠᠢ᠂ ᠯᠢᠦ ᠶᠦᠩ᠂ ᠭᠦᠸᠧ ᠮᠢᠩ ᠴᠢᠶᠦ᠋ᠨ ᠵᠡᠷᠭᠡ ᠳᠡᠳ᠋ | ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠤᠯᠭ᠎ᠠ ᠭᠤᠣᠯ ᠬᠤᠷᠠᠯ ᠤᠨ ᠲᠠᠯᠠᠪᠠᠢ ᠪᠤᠶᠤ ᠬᠤᠪᠢᠶᠠᠷᠢ ᠬᠤᠷᠠᠯ ᠤᠨ | ᠲᠠᠯᠠᠪᠠᠢ ᠳᠤ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃ | | | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠥᠬᠦ | ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ | ᠡᠬᠢᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠲᠡᠷᠡ ᠬᠡᠯᠡᠭᠰᠡᠨ ᠨᠢ᠂ 2023 ᠣᠨ ᠳᠤ ᠵᠠᠷᠤᠳ | ᠬᠤᠰᠢᠭᠤᠨ ᠤ ᠬᠢᠨ 44 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 188.33 ᠳ᠋ᠦᠩᠰᠢᠭᠤᠷ ᠲᠥᠭᠦᠷᠢᠭ ᠬᠦᠷᠴᠦ᠂ ᠲᠣᠰ ᠵᠢᠯ ᠳᠤ 55.39 ᠳ᠋ᠦᠩᠰᠢᠭᠤᠷ | ᠲᠥᠭᠦᠷᠢᠭ ᠪᠡᠯᠡ ᠣᠷᠣᠭᠤᠯᠬᠤ ᠪᠠᠷ ᠲᠦᠯᠦᠪᠵᠦ ᠪᠠᠶᠢᠨ᠎ᠠ᠃ ᠡᠭᠦᠨ ᠳᠤ᠄ 22 ᠵᠦᠢᠯ ᠢ ᠰᠢᠨ᠎ᠡ ᠪᠠᠷ ᠪᠠᠶᠢᠭᠤᠯᠵᠤ᠂ | ᠶᠡᠷᠦᠩᠬᠡᠢ ᠪᠡᠯᠡ ᠣᠷᠣᠭᠤᠯᠤᠯᠲᠠ 61.84 ᠳ᠋ᠦᠩᠰᠢᠭᠤᠷ ᠲᠥᠭᠦᠷᠢᠭ ᠬᠦᠷᠴᠦ᠂ ᠲᠣᠰ ᠵᠢᠯ ᠳᠤ 22.24 | ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠵᠦ ᠪᠠᠶᠢᠨ᠎ᠠ᠃ ᠬᠤᠳᠠᠯᠳᠤᠭᠠᠴᠢᠨ ᠤᠷᠢᠵᠤ ᠪᠡᠯᠡ | ᠲᠠᠲᠠᠭᠰᠠᠨ ᠲᠥᠷᠥᠯ ᠵᠦᠢᠯ 11 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 117.05 ᠳ᠋ᠦᠩᠰᠢᠭᠤᠷ | ᠲᠥᠭᠦᠷᠢᠭ ᠬᠦᠷᠴᠦ᠂ ᠲᠣᠰ ᠵᠢᠯ ᠳᠤ 30.96 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠶ ᠭᠡᠪᠡ᠃ | | | ᠪᠦᠦ ᠸᠧᠨ ᠯᠠᠨ ᠬᠡᠯᠡᠬᠦ ᠳᠡᠭᠡᠨ᠂ ᠪᠥᠬᠦ ᠬᠤᠰᠢᠭᠤᠨ ᠤ ᠬᠠᠪᠤᠷ ᠤᠨ ᠤᠯᠠᠷᠢᠯ ᠳᠤ 15 ᠲᠥᠷᠥᠯ ᠵᠦᠢᠯ ᠢ | ᠲᠥᠪᠯᠡᠷᠡᠭᠦᠯᠦᠨ ᠡᠬᠢᠯᠡᠭᠦᠯᠵᠦ᠂ ᠦᠨᠦᠳᠦᠷ ᠡᠬᠢᠯᠡᠭᠰᠡᠨ ᠠᠬᠤᠢ ᠲᠠᠯᠠᠪᠠᠢ ᠪᠣᠯ ᠥᠪᠥᠷ ᠮᠣᠩᠭᠤᠯ ᠤᠨ ᠺᠠᠩ ᠨᠠᠢ ᠡᠯ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 30 ᠲᠦᠮᠡᠨ ᠲᠣᠨ/ᠵᠢᠯ ᠳᠤ ᠨᠡᠭᠦᠷᠡᠰᠦ ᠪᠠᠷ ᠡᠲ᠋ᠢᠯ | ᠬᠤᠶᠠᠷᠴᠢ ᠠᠯᠺᠣᠣᠯ ᠦᠶᠯᠡᠳᠬᠦ ᠲᠥᠷᠥᠯ ᠵᠦᠢᠯ ᠪᠣᠯᠣᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 280 | ᠳ᠋ᠦᠩᠰᠢᠭᠤᠷ ᠲᠥᠭᠦᠷᠢᠭ ᠬᠦᠷᠦᠨ᠎ᠡ᠃ 4 ᠰᠠᠷ᠎ᠠ ᠳᠤ ᠵᠠᠷᠤᠳ ᠬᠤᠰᠢᠭᠤᠨ ᠤ ᠠᠮᠢᠲᠠᠨ ᠤ ᠡᠮᠨᠡᠯᠭᠡ ᠶᠢᠨ ᠬᠤᠷᠢᠶ᠎ᠠ᠂ | ᠵᠠᠷᠤᠳ ᠬᠤᠰᠢᠭᠤᠨ ᠤ ᠯᠦᠪᠸᠢ ᠠᠵᠤ ᠦᠢᠯᠡᠰ ᠤᠨ ᠲᠣᠭᠤᠷᠢᠭ ᠤᠨ ᠤᠰᠤ ᠬᠠᠩᠭᠠᠬᠤ ᠢᠨᠵᠧᠨᠧᠷᠢᠩ ᠵᠡᠷᠭᠡ 10 | ᠲᠥᠷᠥᠯ ᠵᠦᠢᠯ ᠢ ᠠᠵᠢᠯ ᠡᠬᠢᠯᠡᠭᠦᠯᠬᠦ ᠪᠤᠶᠤ ᠰᠡᠷᠭᠦᠭᠡᠬᠦ ᠪᠠᠷ ᠲᠥᠯᠥᠪᠯᠡᠵᠦ ᠪᠣᠶ︔ 5 ᠰᠠᠷ᠎ᠠ ᠳᠤ ᠡᠷᠢᠶᠡᠨ ᠬᠤᠲᠠ | ᠠᠴᠠ ᠭᠤᠸᠠᠩᠵᠧᠦ ᠬᠦᠷᠬᠦ ᠤᠯᠤᠰ ᠤᠨ ᠦᠨᠳᠦᠷ ᠬᠤᠷᠳᠣᠴᠠᠲᠤ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ | ᠬᠦᠷᠬᠦ ᠱᠤᠭᠤᠮ ᠤᠨ ᠪᠠᠶᠠᠨᠲᠠᠯ᠎ᠠ ᠠᠴᠠ ᠰᠣᠭᠤᠲᠤ ᠬᠦᠷᠬᠦ ᠢᠨᠵᠧᠨᠧᠷᠢᠩ᠂ ᠭᠦᠸᠧ ᠷᠦᠨ ᠬᠤᠳᠠᠯᠳᠤᠭ᠎ᠠ | ᠠᠷᠠᠯᠵᠢᠶ᠎ᠠ ᠶᠢᠨ ᠬᠢᠵᠠᠭᠠᠷᠲᠤ ᠺᠣᠮᠫᠠᠨᠢ ᠶᠢᠨ ᠵᠠᠬᠠᠨᠠᠭᠤᠷ ᠨᠡᠭᠦᠷᠡᠰᠦ ᠵᠦᠭᠡᠭᠡᠪᠦᠷᠢᠯᠡᠬᠦ ᠲᠣᠰᠬᠠᠢ ᠲᠡᠮᠦᠷ ᠵᠠᠮ ᠵᠡᠷᠭᠡ 18 | ᠲᠥᠷᠥᠯ ᠵᠦᠢᠯ ᠢ ᠡᠬᠢᠯᠡᠭᠦᠯᠦᠨ ᠰᠡᠷᠭᠦᠭᠡᠬᠦ ᠪᠠᠷ ᠲᠥᠯᠥᠪᠯᠡᠵᠦ ᠪᠠᠶᠢᠨ᠎ᠠ᠂ ᠵᠢᠱᠢᠯᠲᠡ ᠪᠠᠷ ᠳᠡᠭᠡᠷ᠎ᠡ ᠲᠦᠷᠦᠭᠦᠸ | ᠬᠠᠭᠠᠰ ᠵᠢᠯ ᠳᠤ ᠡᠬᠢᠯᠡᠭᠦᠯᠦᠨ ᠰᠡᠷᠭᠦᠭᠡᠭᠰᠡᠨ ᠨᠣᠷᠮ᠎ᠠ 98% ᠬᠦᠷᠴᠦ᠂ 22 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠎ᠡ ᠭᠡᠪᠡ᠃ | | | ᠪᠦᠦ ᠸᠧᠨ ᠯᠠᠨ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠬᠢᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠮᠠᠩᠯᠠᠶᠢᠯᠠᠭᠤᠯᠬᠤ᠂ ᠭᠠᠵᠠᠷ ᠤᠨ ᠳᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠰᠠᠯᠠᠭ᠎ᠠ ᠮᠥᠴᠢᠷ ᠤᠨ | ᠬᠢᠨ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠤ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠲᠤᠰᠬᠠᠢ ᠬᠤᠳᠠᠯᠳᠤᠭᠠᠴᠢᠨ | ᠤᠷᠢᠬᠤ᠂ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾ | ︽ᠶᠡᠭᠡ ᠶᠢ ᠨᠢ ᠠᠳᠬᠤᠬᠤ ᠶᠢᠨ ᠵᠡᠷᠭᠡ ᠪᠠᠭ᠎ᠠ ᠶᠢ ᠨᠢ ᠪᠠᠰᠠ ᠲᠠᠯᠪᠢᠬᠤ ᠦᠭᠡᠢ︾ ᠵᠢᠴᠢ ᠲᠤᠰᠬᠠᠢ | ᠬᠤᠳᠠᠯᠳᠤᠭᠠᠴᠢᠨ ᠤᠷᠢᠬᠤ ᠡᠩᠨᠡᠭᠡ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ | ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠ ᠪᠠᠨ ᠪᠡᠶᠡᠯᠡᠭᠦᠯᠬᠦ ᠪᠠᠷ ᠴᠢᠷᠮᠠᠶᠢᠵᠤ᠂ ᠨᠡᠮᠡᠭᠳᠡᠯ ᠤᠨ | ᠬᠤᠷᠳᠤᠴᠠ 40% ᠬᠦᠷᠴᠦ᠂ 57 ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠢ ᠴᠢᠷᠮᠠᠶᠢᠨ | ᠪᠡᠶᠡᠯᠡᠭᠦᠯᠵᠦ᠂ 52.3 ᠳ᠋ᠦᠩᠰᠢᠭᠤᠷ ᠲᠥᠭᠦᠷᠢᠭ ᠪᠡᠯᠡ ᠮᠥᠩᠭᠦ ᠪᠣᠳᠠᠲᠠᠶᠢᠵᠢᠭᠤᠯᠬᠤ ᠪᠠᠷ ᠴᠢᠷᠮᠠᠶᠢᠨ᠎ᠠ ᠭᠡᠪᠡ᠃ | | | | |