| ᠬᠠᠪᠤᠷ ᠤᠨ ᠬᠤᠭᠤᠰ ᠪᠣᠯᠣᠯ᠎ᠠ᠂ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠵᠤ᠂ ᠶᠠᠭ ᠰᠠᠶᠢᠬᠠᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠪᠠ᠃ ᠵᠠᠷᠤᠳ ᠬᠤᠰᠢᠭᠤᠨ ᠤ ᠴᠡᠯᠭᠡᠷ ᠲᠠᠯ᠎ᠠ ᠳᠤ | ᠮᠠᠰᠢᠨ ᠤ ᠳᠠᠭᠤᠨ ᠨᠢᠵᠢᠭᠢᠨᠡᠵᠦ᠂ ᠲᠠᠷᠢᠶᠠᠴᠢᠨ ᠡᠷᠦᠬᠡ ᠲᠠᠷᠢᠶᠠᠯᠠᠩ ᠤᠨ ᠬᠡᠷᠡᠭᠰᠡᠯ ᠢᠶᠠᠨ ᠪᠡᠯᠡᠳᠬᠡᠵᠦ᠂ | ᠲᠠᠷᠢᠶᠠᠯᠠᠩ ᠤᠨ ᠮᠠᠰᠢᠨ ᠰᠡᠯᠪᠢᠵᠦ ᠶᠠᠭᠠᠷᠠᠯᠳᠤᠨ᠂ ᠲᠠᠷᠢᠶᠠᠨ ᠭᠠᠵᠠᠷ ᠲᠤ ᠪᠠᠨ ᠲᠠᠷᠢᠶᠠᠴᠢᠨ ᠰᠢᠭᠡᠭ ᠪᠣᠷᠳᠣᠭᠤᠷ | ᠵᠥᠭᠡᠭᠡᠪᠦᠷᠢᠯᠡᠵᠦ ᠪᠠᠶᠢᠭ᠎ᠠ ᠦᠵᠡᠭᠳᠡᠯ ᠭᠠᠵᠠᠷ ᠪᠣᠯᠭᠠᠨ ᠳᠤ ᠬᠠᠷᠠᠭᠳᠠᠨ᠎ᠠ᠃ ᠣᠳᠣᠬᠠᠨ ᠳᠤ᠂ ᠲᠠᠷᠢᠶᠠᠴᠢᠨ | ᠲᠦᠮᠡᠨ ᠤ ᠲᠠᠷᠢᠶᠠᠨ ᠭᠠᠵᠠᠷ ᠢᠶᠠᠨ ᠬᠠᠮᠠᠭᠠᠯᠠᠬᠤ᠂ ᠣᠷᠴᠢᠨ ᠠᠬᠤᠢ ᠶᠢ ᠬᠠᠮᠠᠭᠠᠯᠠᠬᠤ ᠪᠣᠷᠳᠣᠭᠤᠷ ᠣᠷᠣᠭᠤᠯᠬᠤ | ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠵᠦ᠂ ᠮᠠᠯ ᠵᠢᠭᠦᠷᠲᠡᠨ ᠤ ᠪᠠᠭᠠᠰᠤ ᠢᠯᠭᠠᠳᠠᠰᠤ ᠵᠡᠷᠭᠡ ᠰᠢᠭᠡᠭ ᠪᠣᠷᠳᠣᠭᠤᠷ | ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠶᠢᠨ ︽ᠴᠢᠬᠤᠯᠠ ᠪᠠᠷᠠᠭ᠎ᠠ︾ ᠪᠣᠯᠵᠤ᠂ ︽ᠪᠣᠬᠢᠷᠳᠤᠯ ᠦᠭᠡᠢ | ᠬᠠᠪᠤᠷ ᠤᠨ ᠲᠠᠷᠢᠶᠠᠯᠠᠭ᠎ᠠ︾ ᠶᠢᠨ ᠰᠢᠨ᠎ᠡ ᠥᠷᠨᠢᠯᠲᠡ ᠭᠠᠷᠭᠠᠪᠠ᠃ | | | ᠲᠠᠷᠢᠶᠠᠯᠠᠩ ᠤᠨ ᠮᠠᠰᠢᠨ ᠳᠣᠣᠭᠠᠷᠠᠪᠠᠯ ᠲᠠᠷᠢᠶ᠎ᠠ ᠲᠠᠷᠢᠬᠤ ᠳᠤ ᠰᠠᠨᠳᠣᠷᠠᠬᠤ ᠦᠭᠡᠢ ᠭᠡᠳᠡᠭ᠃ ᠬᠠᠷ᠎ᠠ ᠥᠷᠯᠥᠭᠡ᠂ | ᠬᠤᠩᠬᠠᠲᠤ ᠠᠭᠤᠯᠠ ᠪᠠᠯᠭᠠᠰᠤᠨ ᠤ ᠸᠥ᠋ ᠹᠧᠩ ᠲᠠᠷᠢᠶᠠᠯᠠᠩ ᠤᠨ ᠦᠢᠯᠡᠴᠢᠯᠡᠭᠡᠨ ᠤ ᠦᠷᠳᠡᠭᠡ ᠶᠢᠨ | ᠬᠠᠷᠢᠭᠤᠴᠠᠯᠭᠠᠲᠠᠨ ᠯᠢᠦ ᠴᠧᠩ ᠪᠥᠸᠧ ᠦᠢᠯᠡᠴᠢᠯᠡᠭᠡᠨ ᠤ ᠦᠷᠳᠡᠭᠡ ᠶᠢᠨ ᠲᠠᠷᠢᠶᠠᠯᠠᠩ ᠤᠨ ᠮᠠᠰᠢᠨᠴᠢᠳ ᠢ ᠵᠢᠭᠠᠨ | ᠳᠣᠬᠢᠵᠤ ᠣᠷᠭᠠᠨᠢᠭ ᠪᠣᠷᠳᠣᠭᠤᠷ ᠰᠠᠴᠤᠬᠤ ᠲᠥᠬᠦᠭᠡᠷᠦᠮᠵᠢ ᠶᠢ ᠲᠤᠷᠰᠢᠨ ᠵᠠᠰᠠᠵᠤ ᠪᠠᠶᠢᠪᠠ᠃ ᠲᠠᠷᠢᠶᠠᠯᠠᠩ ᠤᠨ | ᠮᠠᠰᠢᠨ ᠤ ᠠᠵᠢᠯᠯᠠᠬᠤ ᠳᠦᠷᠢᠮ ᠪᠠ ᠠᠩᠬᠠᠷᠬᠤ ᠵᠦᠢᠯ ᠢ ᠵᠢᠷᠤᠮᠯᠠᠵᠤ᠂ ᠮᠠᠰᠢᠨ ᠮᠧᠬᠠᠨᠢᠭ ᠨᠢᠭᠡᠪᠦᠷᠢ ᠶᠢ ᠴᠥᠮ | ᠬᠠᠮᠤᠭ ᠤᠨ ᠰᠠᠶᠢᠨ ᠮᠡᠷᠭᠡᠵᠢᠯ ᠤᠨ ᠪᠠᠶᠢᠳᠠᠯ ᠪᠠ ᠠᠵᠢᠯᠯᠠᠬᠤ ᠴᠢᠳᠠᠪᠤᠷᠢ ᠲᠠᠢ ᠪᠠᠶᠢᠯᠭᠠᠬᠤ ᠶᠢ ᠪᠠᠲᠤᠯᠠᠵᠤ᠂ | ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠠᠬᠢ ᠲᠠᠷᠢᠶᠠᠯᠠᠩ ᠤᠨ ᠮᠠᠰᠢᠨ ᠤ ᠭᠤᠣᠯ | ᠬᠦᠴᠦᠨ ᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠤᠯᠠᠨ ᠳᠤ ᠰᠠᠨᠠᠭᠤᠯᠵᠤ ᠪᠠᠶᠢᠪᠠ᠃ | | | ᠯᠢᠦ ᠴᠧᠩ ᠪᠥᠸᠧ ᠲᠠᠨᠢᠯᠴᠠᠭᠤᠯᠬᠤ ᠳᠠᠭᠠᠨ᠄ ︽ᠪᠢᠳᠡ ᠮᠠᠰᠢᠨ ᠲᠥᠬᠦᠭᠡᠷᠦᠮᠵᠢ ᠪᠠᠷ ᠢᠶᠠᠨ ᠲᠠᠷᠢᠶᠠᠨ ᠳᠤ ᠪᠠᠨ | ᠪᠣᠷᠳᠣᠭᠤᠷ ᠣᠷᠣᠭᠤᠯᠪᠠᠯ ᠬᠥᠮᠥᠨ ᠤ ᠬᠦᠴᠦ ᠪᠠ ᠴᠠᠭ ᠢ ᠶᠡᠭᠡ ᠪᠠᠷ ᠠᠷᠪᠢᠯᠠᠬᠤ ᠪᠠᠷ ᠪᠠᠷᠠᠬᠤ ᠦᠭᠡᠢ᠂ ᠭᠤᠣᠯᠳᠠᠭᠤ | ᠪᠣᠷᠳᠣᠭᠤᠷ ᠰᠠᠴᠤᠬᠤ ᠳᠤ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠪᠣᠷᠳᠣᠭᠤᠷ ᠣᠷᠣᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ ᠪᠣᠯᠣᠨ᠎ᠠ᠂ ᠣᠲᠣ ᠮᠠᠨ ᠤ ᠦᠢᠯᠡᠴᠢᠯᠡᠭᠡᠨ ᠤ ᠥᠷᠲᠡᠭᠡ ᠶᠢᠨ 5 ᠰᠠᠤᠷᠢ ᠪᠣᠷᠳᠣᠭᠤᠷ | ᠰᠠᠴᠤᠬᠤ ᠮᠠᠰᠢᠨ ᠢ ᠴᠥᠮ ᠲᠤᠷᠰᠢᠨ ᠬᠡᠷᠡᠭᠯᠡᠵᠦ ᠳᠠᠭᠤᠰᠴᠠᠢ᠂ ᠵᠢᠱᠢᠯᠲᠡ ᠪᠠᠷ ᠬᠠᠩᠰᠢ ᠥᠩᠭᠡᠷᠡᠭᠰᠡᠨ ᠤ ᠳᠠᠷᠠᠭ᠎ᠠ | ᠶᠡᠭᠡ ᠬᠡᠪᠴᠢᠶ᠎ᠡ ᠪᠠᠷ ᠠᠵᠢᠯᠯᠠᠬᠤ ᠪᠠᠷ ᠵᠢᠱᠢᠵᠦ ᠪᠣᠶ︾ ᠭᠡᠪᠡ᠃ | | ᠲᠠᠷᠢᠶᠠᠴᠢᠳ ᠤᠨ ᠲᠠᠷᠢᠶᠠᠨ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠪᠠᠨ ᠤᠷᠤᠭᠰᠢᠲᠠᠢ | ᠥᠷᠨᠢᠭᠦᠯᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ ᠯᠢᠦ ᠴᠧᠩ ᠪᠥᠸᠧ ᠪᠠᠰᠠ ᠠᠵᠢᠯᠴᠢᠳ ᠢᠶᠠᠨ ᠳᠠᠭᠠᠭᠤᠯᠤᠨ | ᠲᠡᠭᠦᠨ ᠲᠠᠢ ᠤᠯᠠᠨ ᠵᠢᠯ ᠬᠠᠮᠲᠤᠷᠠᠯᠴᠠᠭᠰᠠᠨ ᠦᠨᠡᠭᠡᠴᠢ ᠮᠠᠯᠵᠢᠯ ᠤᠨ ᠲᠠᠯᠠᠪᠠᠢ ᠶᠢᠨ ᠲᠢᠶᠧ ᠳ᠋ᠦᠩ ᠬᠤᠪᠢᠶᠠᠷᠢ | ᠲᠠᠯᠠᠪᠠᠢ ᠶᠢᠨ ᠯᠢ ᠶᠢᠨ ᠬᠠᠢ ᠶᠢᠨ ᠭᠡᠷ ᠤᠨ ᠲᠠᠷᠢᠶᠠᠨ ᠳᠤ ᠬᠦᠷᠴᠦ᠂ ᠲᠡᠳᠡᠨ ᠤ ᠬᠤᠳᠠᠯᠳᠣᠨ ᠠᠪᠣᠭᠰᠠᠨ ᠰᠢᠭᠡᠭ | ᠪᠣᠷᠳᠣᠭᠤᠷ ᠶᠢᠨ ᠢᠰᠭᠡᠭᠰᠡᠨ ᠬᠡᠮᠵᠢᠶ᠎ᠡ ᠨᠢ ᠰᠠᠴᠤᠬᠤ ᠳᠤ ᠲᠣᠬᠢᠷᠠᠮᠵᠢᠲᠠᠢ ᠬᠡᠮᠵᠢᠶᠡᠨ ᠳᠤ ᠬᠦᠷᠦᠭᠰᠡᠨ ᠡᠰᠡᠬᠦ ᠶᠢ | ᠬᠠᠪᠰᠣᠷᠤᠨ ᠦᠵᠡᠵᠦ᠂ ᠰᠠᠴᠤᠵᠤ ᠭᠠᠷᠭᠠᠭᠰᠠᠨ ᠪᠣᠷᠳᠣᠭᠤᠷ ᠨᠢ ᠵᠢᠭᠳᠡ ᠬᠦᠪᠰᠦᠭᠡᠷ ᠪᠠᠶᠢᠬᠤ ᠶᠢ ᠪᠠᠲᠤᠯᠠᠵᠤ᠂ | ᠲᠠᠷᠢᠶᠠᠮᠠᠯ ᠤᠨ ᠬᠥᠷᠥᠰᠥᠨ ᠳᠠᠬᠢ ︽ᠰᠢᠮ᠎ᠡ ᠲᠡᠵᠢᠭᠡᠯ︾ ᠢ ᠭᠦᠢᠴᠡᠳ ᠰᠢᠩᠭᠡᠬᠦ ᠶᠢ ᠪᠠᠲᠤᠯᠠᠪᠠ᠃ | ᠯᠢ ᠶᠢᠨ ᠬᠠᠢ ᠶᠢᠨ ᠲᠠᠨᠢᠯᠴᠠᠭᠤᠯᠤᠭᠰᠠᠨ ᠢᠶᠠᠷ᠂ ᠲᠡᠳᠡᠨ ᠤ ᠭᠡᠷ ᠲᠤ 100 ᠭᠠᠷᠤᠢ ᠮᠦ ᠲᠠᠷᠢᠶᠠᠨ ᠭᠠᠵᠠᠷ ᠲᠠᠢ᠂ | ᠬᠡᠷᠡᠭᠯᠡᠵᠦ ᠪᠠᠶᠢᠭ᠎ᠠ ᠨᠢ ᠦᠨᠳᠦᠰᠦᠨ ᠳᠡᠭᠡᠨ ᠴᠥᠮ ᠰᠢᠭᠡᠭ ᠪᠣᠷᠳᠣᠭᠤᠷ ᠪᠣᠯᠣᠨ᠎ᠠ᠃ ᠵᠢᠯ ᠲᠤᠷᠰᠢ ᠰᠢᠭᠡᠭ | ᠪᠣᠷᠳᠣᠭᠤᠷ ᠨᠡᠮᠡᠵᠦ ᠣᠷᠣᠭᠤᠯᠤᠭᠰᠠᠨ ᠠᠴᠠ ᠲᠠᠷᠢᠶᠠᠨ ᠭᠠᠵᠠᠷ ᠤᠨ ᠤᠨᠠᠯᠲᠠ ᠨᠢ ᠡᠷᠬᠢᠨ ᠲᠣᠭᠤᠷᠢᠨ ᠤ ᠰᠢᠭᠡᠭ | ᠪᠣᠷᠳᠣᠭᠤᠷ ᠬᠡᠷᠡᠭᠯᠡᠭᠰᠡᠨ ᠦᠭᠡᠢ ᠲᠠᠷᠢᠶᠠᠨ ᠭᠠᠵᠠᠷ ᠬᠢ ᠠᠴᠠ ᠮᠦ ᠪᠦᠷᠢ ᠨᠢ 300 ᠵᠢᠩ ᠣᠷᠴᠢᠮ ᠥᠨᠳᠥᠷ | ᠪᠠᠶᠢᠵᠤ᠂ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ | ᠲᠡᠳᠡᠨ ᠤ ᠣᠷᠣᠯᠭ᠎ᠠ ᠶᠢ ᠴᠤ ᠪᠠᠭ᠎ᠠ ᠪᠤᠰᠤ ᠨᠡᠮᠡᠭᠳᠡᠭᠦᠯᠪᠡ ᠭᠡᠪᠡ᠃ | ︽ᠪᠢᠳᠡ ᠲᠠᠷᠢᠶᠠᠨ ᠳᠠᠭᠠᠨ ᠰᠢᠭᠡᠭ ᠪᠣᠷᠳᠣᠭᠤᠷ ᠢ ᠲᠠᠪᠤ ᠵᠢᠷᠭᠤᠭᠠᠨ ᠵᠢᠯ ᠬᠡᠷᠡᠭᠯᠡᠪᠡ᠂ ᠲᠠ ᠦᠵᠡᠭᠡᠴᠢ᠂ | ᠣᠳᠣᠬᠠᠨ ᠤ ᠡᠨᠡ ᠬᠡᠰᠡᠭ ᠭᠠᠵᠠᠷ ᠤᠨ ᠬᠥᠷᠥᠰᠥ ᠰᠢᠷᠣᠢ ᠨᠢ ᠬᠠᠲᠠᠭᠤᠷᠠᠬᠤ ᠦᠭᠡᠢ᠂ ᠬᠥᠷᠥᠰᠥ ᠰᠢᠷᠣᠢ ᠨᠢ ᠴᠦ | ᠬᠠᠷ᠎ᠠ ᠥᠩᠭᠡᠲᠡᠢ᠂ ᠡᠨᠡ ᠭᠠᠵᠠᠷ ᠠᠴᠠ ᠤᠷᠭᠤᠭᠰᠠᠨ ᠠᠮᠤ ᠪᠤᠳᠠᠭ᠎ᠠ ᠨᠢ ᠴᠦ ᠤᠰᠣᠯᠳᠠᠬᠤ ᠦᠭᠡᠢ ᠶᠤᠮ᠃︾ | ᠭᠡᠵᠦ ᠯᠢ ᠶᠢᠨ ᠬᠠᠢ ᠢᠨᠢᠶᠡᠨ ᠬᠡᠯᠡᠪᠡ᠃ | | | ᠰᠢᠭᠡᠭ ᠪᠣᠷᠳᠣᠭᠤᠷ ᠵᠡᠷᠭᠡ ᠣᠷᠭᠠᠨᠢᠭ ᠪᠣᠷᠳᠣᠭᠤᠷ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠨᠢ ᠬᠥᠷᠥᠰᠥ | ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠢ ᠬᠠᠮᠠᠭᠠᠯᠠᠵᠤ᠂ ᠲᠠᠷᠢᠮᠠᠯ ᠤᠨ ᠤᠷᠭᠤᠯᠲᠠ ᠳᠤ ᠴᠢᠨᠠᠷ ᠰᠠᠶᠢᠲᠠᠢ | ᠥᠰᠦᠯᠲᠡ ᠶᠢᠨ ᠣᠷᠴᠢᠨ ᠲᠣᠭᠤᠷᠢᠨ ᠢ ᠬᠠᠩᠭᠠᠬᠤ ᠮᠥᠷᠲᠡᠭᠡᠨ ᠪᠠᠰᠠ ᠲᠠᠷᠢᠮᠠᠯ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠠᠮᠢ ᠠᠬᠤᠢ ᠶᠢᠨ ᠲᠠᠷᠢᠶᠠᠯᠠᠩ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠵᠠᠮ ᠮᠥᠨ᠃ | ︽ᠣᠲᠣ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠤᠯᠠᠮ ᠠᠴᠠ | ᠤᠯᠠᠮ ᠨᠠᠷᠢᠯᠢᠭ ᠪᠣᠯᠵᠤ᠂ ᠲᠠᠷᠢᠶᠠᠴᠢᠳ ᠤᠨ ᠲᠠᠷᠢᠶᠠᠨ ᠭᠠᠵᠠᠷ ᠢᠶᠠᠨ ᠬᠠᠮᠠᠭᠠᠯᠠᠬᠤ ᠤᠬᠠᠮᠰᠠᠷ ᠴᠤ ᠤᠯᠠᠮ ᠠᠴᠠ | ᠤᠯᠠᠮ ᠴᠢᠩᠭᠠᠷᠠᠵᠤ ᠪᠠᠶᠢᠨ᠎ᠠ᠂ ᠡᠶᠢᠮᠦ ᠠᠴᠠ ᠪᠢᠳᠡᠨ ᠤ ᠡᠨᠡ ᠵᠢᠯ ᠤᠨ ᠣᠷᠭᠠᠨᠢᠭ ᠪᠣᠷᠳᠣᠭᠤᠷ ᠰᠠᠴᠤᠬᠤ | ᠵᠠᠬᠢᠶᠠᠯᠠᠭ᠎ᠠ ᠶᠢᠨ ᠲᠤᠭ᠎ᠠ ᠦᠷᠭᠦᠯᠵᠢᠯᠡᠨ ᠨᠡᠮᠡᠭᠳᠡᠵᠦ᠂ ᠣᠲᠣ ᠨᠢᠭᠡᠨᠲᠡ ᠳᠥᠷᠪᠡᠨ ᠲᠦᠮᠡ ᠭᠠᠷᠤᠢ ᠮᠦ ᠪᠣᠯᠵᠤ᠂ | ᠨᠢᠳᠤᠨᠤᠨ ᠤ ᠨᠠᠢᠮᠠᠨ ᠮᠢᠩᠭ᠎ᠠ ᠭᠠᠷᠤᠢ ᠮᠦ ᠠᠴᠠ ᠬᠡᠲᠦ ᠳᠠᠬᠢᠨ ᠨᠡᠮᠡᠭᠳᠡᠵᠡᠢ᠂ ᠲᠠᠷᠢᠶᠠᠨ ᠭᠠᠵᠠᠷ ᠢᠶᠠᠨ ᠲᠡᠭᠰᠢᠯᠡᠵᠦ᠂ | ᠵᠢᠩᠬᠢᠨᠢ ᠪᠠᠷ ᠳᠠᠷᠢᠬᠤ ᠦᠶ᠎ᠡ ᠪᠣᠯᠬᠤ ᠳᠤ ᠨᠠᠩ ᠠᠷᠪᠢᠨ ᠪᠣᠯᠣᠨ᠎ᠠ︾ ᠭᠡᠵᠦ ᠯᠢᠦ ᠴᠧᠩ ᠪᠥᠸᠧ ᠪᠠᠶᠠᠷᠲᠠᠢ ᠪᠠᠷ | ᠬᠡᠯᠡᠪᠡ᠃ | ᠠᠮᠤ ᠪᠤᠳᠠᠭᠠᠨ ᠤ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠬᠤ ᠶᠢᠨ ᠲᠥᠯᠥᠭᠡ᠂ ᠵᠠᠷᠤᠳ ᠬᠤᠰᠢᠭᠤ | ᠬᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠡᠷᠢᠭᠦᠨ ᠴᠢᠬᠤᠯᠠ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠷᠲᠡ ᠠᠴᠠ ᠲᠥᠯᠥᠪᠯᠡᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ | ᠂ ᠡᠯ᠎ᠡ ᠭᠠᠵᠠᠷ ᠤᠨ ᠬᠢᠨ ᠢ ᠱᠠᠯᠠᠪᠳᠠᠨ ᠬᠥᠳᠡᠯᠦᠯᠴᠡᠵᠦ᠂ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠶᠢᠨ | ᠲᠠᠷᠢᠮᠠᠯ ᠤᠨ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠵᠦ᠂ ᠠᠮᠢ ᠠᠬᠤᠢ ᠶᠢᠨ ᠡᠷᠭᠢᠯᠲᠡ᠂ | ᠪᠣᠬᠢᠷᠳᠤᠯ ᠦᠭᠡᠢ ᠲᠠᠷᠢᠮᠠᠯ ᠤᠨ ᠬᠥᠭᠵᠢᠯᠲᠡ ᠶᠢᠨ ᠣᠶᠢᠯᠠᠭᠠᠭᠳᠠᠬᠤᠨ ᠢ ᠰᠠᠨᠠᠭᠠᠴᠢᠯᠠᠵᠤ᠂ ᠮᠠᠯ ᠵᠢᠭᠦᠷᠲᠡᠨ ᠤ | ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠣᠷᠭᠠᠨᠢᠭ ᠪᠣᠷᠳᠣᠭᠤᠷ ᠢᠶᠠᠷ ᠬᠢᠮᠢ ᠶᠢᠨ | ᠪᠣᠷᠳᠣᠭᠤᠷ ᠢ ᠣᠷᠣᠯᠠᠭᠤᠯᠬᠤ ᠠᠯᠬᠤᠴᠠ ᠶᠢ ᠲᠦᠷᠭᠡᠳᠬᠡᠵᠦ᠂ ᠪᠣᠬᠢᠷᠳᠤᠯ ᠦᠭᠡᠢ ᠲᠠᠷᠢᠮᠠᠯ ᠤᠨ ᠮᠡᠷᠭᠡᠵᠢᠯ ᠠᠯᠬᠤᠮ | ᠠᠯᠬᠤᠮ ᠢᠶᠠᠷ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠦᠭᠡᠢ ᠰᠠᠶᠢᠲᠤᠷ ᠵᠠᠮᠨᠠᠪᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠲᠥᠪ ᠤᠨ ᠡᠷᠬᠢᠯᠡᠭᠴᠢ ᠯᠢ ᠵᠢᠩ ᠸᠧᠢ ᠢᠯᠡᠷᠬᠡᠶᠢᠯᠡᠬᠦ ᠳᠡᠭᠡᠨ᠄ ︽ᠡᠨᠡ ᠵᠢᠯ᠂ ᠪᠢᠳᠡ ︿ᠦᠢᠯᠡᠳᠪᠦᠷᠢᠯᠡᠯ ᠢ | ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠬᠤ﹀ ᠰᠡᠳᠬᠢᠴᠡ ᠪᠠᠷ ᠲᠠᠷᠢᠮᠠᠯ ᠤᠨ ᠦᠢᠯᠡᠰ ᠤᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠣᠷᠭᠠᠨᠢᠭ | ᠪᠣᠷᠳᠣᠭᠤᠷ ᠨᠡᠮᠡᠵᠦ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ ᠲᠠᠷᠢᠶᠠᠴᠢᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠠᠷᠢᠶ᠎ᠠ ᠳᠠᠷᠢᠬᠤ ᠮᠡᠷᠭᠡᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ 2023 | ᠣᠨ ᠳᠤ᠂ ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ ᠶᠢ 245 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ | ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 230 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ | ᠠᠮᠤ ᠪᠤᠳᠠᠭᠠᠨ ᠤ ᠶᠡᠷᠦᠩᠬᠡᠢ ᠤᠨᠠᠯᠲᠠ ᠶᠢ 20 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠵᠤ᠂ | ᠲᠠᠷᠢᠶᠠᠴᠢᠳ ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠯᠠᠭ᠎ᠠ ᠲᠠᠢ | ᠪᠣᠯᠭᠠᠬᠤ ᠪᠠᠷ ᠲᠥᠯᠥᠪᠯᠡᠵᠦ ᠪᠣᠶ︾ ᠭᠡᠪᠡ᠃ |