︽ᠵᠠᠷᠤᠳ ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/10
     ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠢᠨ ︽ᠲᠦᠩᠯᠢᠶᠣᠣ ᠬᠤᠲᠠ ᠶᠢᠨ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢᠨ ᠲᠥᠰᠥᠯ︾ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠵᠠᠷᠤᠳ ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢᠨ ᠲᠥᠰᠥᠯ︾ ᠢ ᠲᠣᠭᠲᠠᠭᠠᠨ ᠲᠠᠷᠤᠮᠯᠠᠯᠠᠨ ᠲᠠᠷᠬᠠᠭᠠᠪᠠ᠃      ᠬᠤᠶᠠᠷ᠂ ᠭᠤᠣᠯ ᠠᠭᠤᠯᠭ᠎ᠠ     ︽ᠠᠵᠢᠯᠯᠠᠭᠠᠨ ᠤ ᠲᠥᠰᠥᠯ︾ ᠢ ᠨᠡᠶᠢᠲᠡ ᠭᠤᠷᠪᠠᠨ ᠬᠡᠰᠡᠭ ᠬᠤᠪᠢᠶᠠᠪᠠ᠂ ᠲᠣᠰ ᠪᠦᠷᠢ ᠶᠡᠷᠦᠩᠬᠡᠢ ᠬᠠᠷᠠᠯᠲᠠ ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠭᠤᠣᠯᠳᠠᠯᠭ᠎ᠠ ᠲᠠᠢ ᠡᠭᠦᠷᠭᠡ ᠨᠢ 19 ᠭᠦᠢᠴᠡᠳᠬᠡᠯ ᠲᠤᠭ᠎ᠠ ᠲᠠᠢ ᠬᠤᠯᠪᠣᠭᠳᠠᠵᠤ᠂ 283 ᠵᠦᠢᠯ ᠤᠨ ᠪᠣᠳᠠᠲᠠᠢ ᠡᠭᠦᠷᠭᠡ ᠪᠣᠯᠭᠠᠨ ᠬᠤᠪᠢᠶᠠᠵᠤ᠂ 30  ᠲᠦᠷᠤᠭᠦᠯᠤᠨ ᠬᠢᠬᠦ ᠰᠠᠯᠠᠭ᠎ᠠ ᠮᠥᠴᠢᠷ ᠢ ᠲᠣᠳᠣᠷᠬᠠᠢ ᠲᠤᠭᠳᠠᠭᠠᠵᠦ᠂ ᠬᠠᠷᠢᠭᠤᠴᠠᠯᠭᠠᠲᠤ ᠨᠢᠭᠡᠴᠡ ᠨᠢ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠣᠯᠠᠨ ᠰᠠᠯᠠᠭ᠎ᠠ ᠮᠥᠴᠢᠷ ᠨᠢᠭᠡᠴᠡ ᠶᠢ ᠬᠠᠮᠤᠷᠪᠠ᠃ 19 ᠭᠦᠢᠴᠡᠳᠬᠡᠯ ᠲᠤᠭ᠎ᠠ ᠨᠢ ᠲᠣᠰ ᠪᠦᠷᠢ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠬᠤᠳᠠᠯᠳᠤᠭᠠᠨ ᠤ ᠶᠠᠪᠤᠳᠠᠯ ᠤᠨ ᠳᠠᠩᠰᠠᠯᠠᠯ ᠤᠨ ᠠᠵᠢᠯ ᠢ  ᠴᠢᠩᠭᠠᠳᠬᠠᠨ᠎ᠠ︔ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠬᠢᠨᠠᠨ ᠵᠥᠪᠰᠢᠶᠡᠷᠡᠭᠦᠯᠬᠦ ᠦᠭᠡᠷᠡᠴᠢᠯᠡᠯᠳᠡ ᠶᠢ ᠬᠦᠨᠵᠡᠭᠡᠶᠢᠷᠡᠭᠦᠯᠤᠨ᠎ᠡ︔ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠤᠨ᠎ᠡ︔ ᠭᠠᠶᠢᠯᠢ ᠲᠤᠰᠢᠶᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠤᠨ᠎ᠡ︔ ᠭᠠᠳᠠᠭᠠᠳᠤ ᠨᠡᠭᠡᠭᠡᠯᠲᠡ ᠶᠢᠨ ᠲᠦᠬᠦᠮ ᠦᠵᠡᠭᠦᠯᠬᠦ ᠬᠡᠮᠵᠢᠶ᠎ᠡ ᠶᠢ ᠲᠡᠭᠡᠭᠰᠢᠯᠡᠭᠦᠯᠤᠨ᠎ᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠰᠢᠯᠢᠳᠡᠭᠵᠢᠭᠦᠯᠤᠨ᠎ᠡ︔ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠰᠢᠯᠢᠳᠡᠭᠵᠢᠭᠦᠯᠤᠨ᠎ᠡ︔ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠬᠦᠴᠤᠨ ᠵᠤᠶᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ︔ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ︔ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠲᠤᠯᠠᠪᠤᠷᠢ ᠶᠢᠨ ᠴᠢᠳᠠᠪᠤᠷᠢ ᠶᠢ ᠪᠦᠬᠦ ᠲᠠᠯ᠎ᠠ  ᠪᠠᠷ ᠲᠡᠭᠡᠭᠰᠢᠯᠡᠭᠦᠯᠤᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ︔ ᠢᠲᠡᠭᠡᠮᠵᠢ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ ︔ ᠬᠤᠳᠠᠯᠳᠤᠭᠠᠨ ᠤ ᠵᠢᠭᠤᠷᠠᠯᠳᠤᠭᠠᠨ ᠢ ᠰᠢᠢᠳᠪᠦᠷᠢᠯᠡᠬᠦ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ︔ ᠲᠠᠮᠫᠤᠷᠠᠭᠤᠯᠬᠤ ᠠᠯᠬᠤᠮ ᠲᠠᠷᠠᠭ᠎ᠠ ᠶᠢ ᠭᠦᠢᠴᠡᠳᠭᠡᠬᠦ ᠪᠠ ᠢᠵᠢ ᠪᠦᠷᠢᠳᠦᠭᠦᠯᠬᠦ ᠲᠣᠭᠲᠠᠴᠠ ᠶᠢ ᠰᠢᠯᠢᠳᠡᠭᠵᠢᠭᠦᠯᠦᠨ᠎ᠡ︔ ᠰᠢᠨ᠎ᠡ ᠶᠢ ᠡᠭᠦᠳᠬᠦ ᠦᠢᠯᠡᠰ ᠪᠣᠰᠬᠠᠬᠤ ᠠᠮᠢᠵᠢᠷᠠᠯ ᠤᠨ ᠬᠦᠴᠤᠨ ᠢ ᠲᠡᠭᠡᠭᠰᠢᠯᠡᠭᠦᠯᠤᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ︔ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃    ᠡᠨᠡ ᠵᠢᠯ ᠤᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯ ᠢ ︽ᠡᠭᠦᠷᠭᠡ ᠶᠢ ᠲᠥᠷᠥᠯ ᠵᠦᠢᠯᠵᠢᠭᠦᠯᠬᠦ᠂ ᠲᠥᠷᠥᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠪᠣᠳᠠᠲᠠᠶᠢᠵᠢᠭᠤᠯᠬᠤ︾ ᠠᠷᠭ᠎ᠠ ᠪᠠᠷ ᠠᠬᠢᠭᠤᠯᠬᠤ ᠪᠤᠯᠤᠨ᠎ᠠ᠂ ᠬᠤᠲᠠ ᠠᠴᠠ ᠪᠠᠭᠤᠯᠭᠠᠭᠰᠠᠨ ︽ᠠᠵᠢᠯ ᠤᠨ ᠡᠭᠦᠷᠭᠡ ᠶᠢᠨ ᠨᠠᠷᠢᠨ ᠲᠠᠩᠰᠠ︾ ᠶᠢ ᠦᠨᠳᠤᠰᠤᠯᠡᠨ᠂ ᠮᠠᠨ ᠤ ᠬᠤᠰᠢᠭᠤ ᠨᠢᠭᠡᠨᠲᠡ ︽ᠵᠠᠷᠤᠳ ᠬᠤᠰᠢᠭᠤᠨ ᠤ 2023 ᠣᠨ ᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠡᠮᠬᠢᠯᠡᠨ ᠭᠠᠷᠭᠠᠵᠤ᠂ ᠨᠠᠷᠢᠨ ᠲᠠᠩᠰᠠ ᠳᠤ 337 ᠵᠦᠢᠯ ᠤᠨ ᠠᠵᠢᠯ ᠤᠨ ᠡᠭᠦᠷᠭᠡ ᠶᠢ ᠪᠠᠭᠲᠠᠭᠠᠵᠤ᠂ ︽ᠠᠵᠢᠯᠯᠠᠭᠠᠨ ᠤ ᠲᠥᠰᠥᠯ︾ ᠠᠴᠠ 54 ᠵᠦᠢᠯ ᠤᠨ ᠡᠭᠦᠷᠭᠡ ᠢᠯᠡᠭᠦᠦ ᠪᠠᠶᠢᠪᠠ᠂ ᠢᠯᠡᠭᠦᠦ ᠭᠠᠷᠭᠠᠭᠰᠠᠨ ᠡᠭᠦᠷᠭᠡ ᠶᠢ ᠬᠡᠳᠦᠶᠢᠪᠡᠷ ︽ᠠᠵᠢᠯᠯᠠᠭᠠᠨ ᠤ ᠲᠥᠰᠥᠯ︾ ᠳᠤ ᠵᠢᠭᠰᠠᠭᠠᠨ ᠭᠠᠷᠭᠠᠭᠰᠠᠨ ᠦᠭᠡᠢ ᠪᠣᠯᠪᠠᠴᠤ ᠮᠦᠨᠴᠤ ︽ᠠᠵᠢᠯᠯᠠᠭᠠᠨ ᠤ ᠲᠥᠰᠥᠯ︾ ᠤᠨ ᠠᠵᠢᠯ ᠤᠨ ᠡᠭᠦᠷᠭᠡ ᠶᠢ ᠥᠷᠭᠡᠳᠬᠡᠨ ᠤᠷᠳᠤᠳᠬᠠᠭᠰᠠᠨ ᠵᠤᠶᠢᠯ ᠪᠣᠯᠬᠤᠷ ᠬᠠᠮᠲᠤ  ᠳᠤᠨᠢ ᠨᠠᠶᠢᠳᠠᠪᠤᠷᠢᠵᠢᠭᠤᠯᠬᠤ ᠶᠢ ᠱᠠᠭᠠᠷᠳᠠᠵᠤ ᠪᠠᠶᠢᠨ᠎ᠠ᠃     ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ᠂ ᠬᠤᠳᠠᠯᠳᠤᠭᠠᠴᠢᠨ ᠤᠷᠢᠬᠤ ᠪᠣᠯ ᠲᠡᠷᠢᠭᠦᠨ ᠴᠢᠬᠤᠯᠠ ᠶᠠᠪᠤᠳᠠᠯ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠪᠣᠯ ᠨᠢᠭᠡᠳᠦᠭᠡᠷ ᠥᠷᠢᠰᠦᠯᠳᠦᠬᠦ ᠬᠦᠴᠦᠨ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠦᠨ ᠰᠢᠯᠢᠳᠡᠭ ᠪᠣᠯᠬᠤ ᠪᠠᠷ ᠴᠢᠷᠮᠠᠶᠢᠬᠤ ᠣᠨ ᠳᠤ ᠲᠣᠭᠲᠠᠭᠠᠭᠰᠠᠨ 344 ᠵᠦᠢᠯ ᠤᠨ ᠠᠵᠢᠯ ᠤᠨ ᠡᠭᠦᠷᠭᠡ ᠶᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠤᠯᠭᠠᠨ᠂ ᠶᠡᠷᠦᠩᠬᠡᠶᠢᠯᠡᠨ ᠰᠤᠳᠤᠯᠤᠨ ᠲᠥᠯᠥᠪᠵᠢᠭᠦᠯᠵᠦ᠂ ᠠᠵᠢᠯ ᠤᠨ ᠰᠡᠳᠬᠢᠴᠡ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠲᠣᠭᠲᠠᠭᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠥᠮᠥᠨ ᠤ ᠬᠦᠴᠦᠨ ᠤ ᠡᠬᠢ ᠪᠠᠶᠠᠯᠢᠭ᠂ ᠠᠵᠤ ᠦᠢᠯᠡᠰ ᠢ ᠢᠵᠢ ᠪᠦᠷᠢᠳᠦᠭᠦᠯᠬᠦ᠂ ᠥᠮᠴᠢᠯᠡᠬᠦ ᠡᠷᠬᠡ ᠶᠢ ᠬᠠᠮᠠᠭᠠᠯᠠᠬᠤ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠵᠤ ᠠᠬᠤᠶᠢᠯᠠᠯ ᠢ ᠲᠡᠳᠡᠨ ᠠᠪᠴᠢᠷᠠᠵᠤ ᠪᠡᠯᠡ ᠣᠷᠣᠭᠤᠯᠤᠨ ᠠᠵᠤ ᠦᠢᠯᠡᠰ ᠢ ᠬᠥᠭᠵᠢᠭᠦᠯᠦᠨ᠎ᠡ᠃     ︵ᠬᠤᠶᠠᠷ︶ ᠪᠠᠷᠢᠮᠵᠢᠶ᠎ᠠ ᠲᠠᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠨᠢᠭᠡ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠪᠠᠷᠢᠮᠵᠢᠶ᠎ᠠ ᠪᠣᠯᠭᠠᠭᠰᠠᠨ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠲᠧᠯᠸᠢᠰ  ᠤᠳᠠᠰᠤᠳᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠤᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠯᠠᠩᠭᠤᠶ᠎ᠠ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠬᠤᠶᠠᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ᠳᠤ ᠵᠦᠢᠯ ᠳᠠᠷᠠᠭᠠᠯᠠᠨ ᠬᠠᠷᠢᠴᠠᠭᠤᠯᠤᠨ ᠵᠠᠳᠠᠯᠤᠯᠲᠠ ᠬᠢᠵᠦ᠂ ᠳᠤᠲᠠᠭᠳᠠᠯ ᠲᠠᠢ ᠲᠠᠯ᠎ᠠ ᠪᠠᠨ ᠪᠠᠶᠢᠴᠠᠭᠠᠨ ᠭᠠᠷᠭᠠᠵᠦ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠨ᠎ᠡ᠃ ᠭᠤᠷᠪᠠ ᠳᠤ᠂ ︽ᠲᠦᠩᠯᠢᠶᠣᠣ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠬᠡᠷᠡᠭᠵᠢᠭᠦᠯᠬᠦ ᠲᠥᠰᠥᠯ︾ ᠳᠤ ᠲᠣᠭᠲᠠᠭᠠᠭᠰᠠᠨ 344 ᠵᠦᠢᠯ ᠤᠨ ᠠᠵᠢᠯ ᠤᠨ ᠡᠭᠦᠷᠭᠡ ᠳᠤ ᠪᠠᠨ ᠴᠢᠭᠯᠡᠭᠦᠯᠦᠨ᠂ ᠬᠤᠲᠠ ᠬᠤᠰᠢᠭᠤ ᠬᠤᠶᠠᠷ ᠱᠠᠲᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠣᠳᠠᠲᠠᠢ ᠬᠠᠷᠠᠯᠲᠠ ᠲᠠᠢ ᠬᠠᠷᠢᠴᠠᠭᠤᠯᠵᠤ᠂ ᠵᠦᠢᠯ ᠳᠠᠷᠠᠭᠠᠯᠠᠨ ᠡᠮᠬᠢᠯᠡᠵᠦ᠂ ᠪᠥᠬᠦ ᠲᠠᠯ᠎ᠠ ᠪᠠᠷ ᠪᠡᠶᠡᠯᠡᠭᠦᠯᠦᠨ᠎ᠡ᠃    ︵ᠭᠤᠷᠪᠠ︶ ᠰᠢᠰᠲ᠋ᠧᠮᠵᠢ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠬᠤ ᠶᠢ ᠬᠡᠷᠡᠭᠵᠢᠭᠦᠯᠵᠦ᠂ ᠱᠠᠭᠠᠷᠳᠠᠯᠭ᠎ᠠ ᠶᠣᠰᠣᠭᠠᠷ ᠤᠳᠤᠷᠢᠳᠬᠤ ᠬᠠᠷᠢᠭᠤᠴᠠᠯᠭ᠎ᠠ᠂ ᠲᠦᠷᠦᠭᠦᠯᠡᠨ ᠬᠢᠬᠦ ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠲᠠᠩᠰᠠ ᠶᠢᠨ ᠬᠠᠮᠢᠶᠠᠷᠤᠯᠲᠠ ᠶᠢ ᠭᠦᠨᠵᠡᠭᠡᠢ ᠬᠡᠷᠡᠭᠵᠢᠭᠦᠯᠵᠦ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠰᠠᠷ᠎ᠠ ᠪᠦᠷᠢ ᠡᠭᠦᠷᠭᠡ ᠶᠢᠨ ᠨᠠᠷᠢᠨ ᠲᠠᠩᠰᠠ ᠪᠠᠨ ᠰᠢᠨᠡᠳᠬᠡᠵᠦ᠂ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢᠶᠠᠨ ᠱᠠᠳᠤ ᠬᠤᠪᠢᠶᠠᠨ ᠲᠥᠷᠥᠯ ᠬᠤᠪᠢᠶᠠᠨ ᠮᠡᠳᠡᠭᠦᠯᠦᠨ ᠬᠦᠷᠭᠡᠵᠦ᠂ ︽ᠡᠭᠦᠷᠭᠡ ᠶᠢ ᠡᠮᠬᠢᠯᠡᠬᠦ ︱ ᠠᠰᠠᠭᠤᠳᠠᠯ ᠢ ᠬᠤᠷᠢᠶᠠᠩᠭᠤᠶᠢᠯᠠᠬᠤ ︱ ᠮᠥᠷᠳᠡᠨ ᠰᠢᠮᠳᠠᠭᠤᠯᠬᠤ ︱ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠠᠵᠢᠯ ᠤᠨ ᠪᠢᠲᠡᠭᠦᠦ ᠬᠡᠯᠬᠢᠶ᠎ᠡ ᠶᠢ ᠪᠣᠶ ᠪᠣᠯᠭᠠᠬᠤ ᠬᠡᠷᠡᠭᠲᠡᠢ᠃ ᠱᠠᠲᠤ ᠬᠤᠪᠢᠶᠠᠨ ᠲᠣᠬᠢᠷᠠᠭᠤᠯᠬᠤ ᠶᠢ ᠨᠠᠶᠢᠳᠠᠪᠤᠷᠢᠵᠢᠭᠤᠯᠬᠤ ᠳᠤ᠂ ᠬᠤᠰᠢᠭᠤᠨ ᠱᠠᠲᠤᠨ ᠤ ᠤᠳᠤᠷᠢᠳᠤᠯᠭ᠎ᠠ ᠱᠠᠲᠤ ᠬᠤᠪᠢᠶᠠᠨ ᠲᠣᠬᠢᠷᠠᠭᠤᠯᠬᠤ ᠬᠦᠷᠢᠶ᠎ᠡ ᠬᠡᠪᠴᠢᠶ᠎ᠡ᠂ ᠠᠭᠤᠯᠭ᠎ᠠ᠂ ᠬᠡᠯᠪᠡᠷᠢ ᠲᠠᠢ ᠬᠠᠷᠢᠴᠠᠭᠤᠯᠤᠨ ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ︽ᠭᠤᠷᠪᠠᠨ ᠬᠠᠭᠤᠳᠠᠰᠤ ᠨᠢᠭᠡ ᠵᠠᠬᠢᠳᠠᠯ︾ ᠢ ᠬᠡᠷᠡᠭᠵᠢᠭᠦᠯᠬᠦ ᠳᠤ᠂ ᠬᠤᠰᠢᠭᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠠᠯᠪᠠᠨ ᠭᠡᠷ ᠬᠢᠨ ᠰᠠᠨᠠᠭᠤᠯᠬᠤ ᠬᠠᠭᠤᠳᠠᠰᠤ᠂ ᠱᠠᠭᠠᠷᠳᠠᠨ ᠭᠦᠢᠴᠡᠳᠬᠡᠯᠭᠡᠬᠦ ᠬᠠᠭᠤᠳᠠᠰᠤ᠂ ᠰᠢᠮᠳᠠᠭᠤᠯᠤᠨ ᠭᠦᠢᠴᠡᠳᠬᠡᠯᠭᠡᠬᠦ ᠬᠠᠭᠤᠳᠠᠰᠤ ᠶᠢᠨ ᠬᠡᠯᠪᠡᠷᠢ ᠪᠠᠷ ᠱᠠᠲᠤ ᠬᠤᠪᠢᠶᠠᠨ ᠠᠩᠬᠠᠷᠴᠤ ᠭᠦᠢᠴᠡᠳᠬᠡᠯᠭᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠰᠢᠭᠤᠨ ᠲᠠᠰ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠳᠤ ᠬᠠᠭᠤᠯᠤᠨ ᠬᠦᠷᠭᠡᠬᠦ ᠬᠡᠷᠡᠭᠲᠡᠢ᠃ ᠠᠵᠢᠯ ᠤᠨ ᠠᠬᠢᠴᠠ ᠨᠢ ᠤᠳᠠᠭᠠᠨ᠂ ᠠᠵᠢᠯ ᠢᠶᠠᠨ ᠬᠢᠭᠰᠡᠨ ᠨᠢ ᠬᠦᠴᠦᠨ ᠦᠭᠡᠢ ᠰᠠᠯᠠᠭ᠎ᠠ ᠮᠥᠴᠢᠷ ᠪᠠ ᠭᠠᠵᠠᠷ ᠣᠷᠣᠨ ᠲᠠᠢ ᠪᠣᠯᠵᠣᠨ ᠶᠠᠷᠢᠯᠴᠠᠬᠤ ᠶᠢ ᠥᠷᠨᠢᠭᠦᠯᠵᠦ᠂ ᠪᠣᠯᠵᠣᠨ ᠶᠠᠷᠢᠯᠴᠠᠭᠰᠠᠨ ᠦᠷ᠎ᠡ ᠳ᠋ᠦᠩ ᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ︽ᠰᠢᠯᠵᠢᠭᠦᠯᠦᠨ ᠲᠤᠰᠢᠶᠠᠬᠤ ᠵᠠᠬᠢᠳᠠᠯ︾ ᠶᠠᠪᠤᠭᠤᠯᠵᠤ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠲᠠᠰ ᠳᠠᠷᠠᠭᠠᠯᠠᠯ ᠢ ᠡᠬᠢᠯᠡᠭᠦᠯᠦᠨ᠎ᠡ᠃     ︵ᠳᠥᠷᠪᠡ︶ ᠤᠬᠠᠭᠤᠯᠭ᠎ᠠ ᠶᠢ ᠴᠢᠬᠤᠯᠠᠴᠢᠯᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠵᠤ᠂ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠨᠡᠶᠢᠭᠡᠮ ᠤᠨ ᠣᠷᠤᠯᠴᠠᠯᠭ᠎ᠠ ᠶᠢᠨ ᠬᠡᠮᠵᠢᠶ᠎ᠡ ᠪᠣᠯᠣᠨ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠳᠤ ᠬᠠᠷᠠᠭᠠᠯᠵᠠᠯᠠᠯ ᠬᠦᠷᠲᠡᠭᠡᠬᠦ ᠠᠵᠢᠯ ᠤᠨ ᠠᠷᠭ᠎ᠠ ᠬᠡᠮᠵᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠭᠡᠯ ᠢᠶᠠᠨ ᠪᠥᠬᠦ ᠲᠠᠯ᠎ᠠ ᠪᠠᠷ ᠢᠯᠡᠷᠡᠭᠦᠯᠦᠨ᠎ᠡ᠃ ᠤᠬᠠᠭᠤᠯᠬᠤ ᠰᠠᠯᠠᠭ᠎ᠠ ᠮᠥᠴᠢᠷ ᠬᠢᠨ ᠤᠬᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠤᠬᠠᠭᠤᠯᠬᠤ᠂ ᠮᠡᠳᠡᠭᠡᠯᠡᠬᠦ ᠪᠠ ᠳᠡᠯᠭᠡᠷᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠲᠤᠷᠰᠢᠯᠭ᠎ᠠ ᠬᠢᠳᠡᠯ ᠪᠠ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠡᠮᠬᠢᠯᠡᠨ ᠨᠡᠶᠢᠯᠡᠭᠦᠯᠵᠦ ᠠᠰᠢᠭᠯᠠᠨ᠂ LED ᠲᠣᠮᠣ ᠳᠡᠯᠭᠡᠴᠡ᠂ ᠡᠯ᠎ᠡ ᠲᠥᠷᠥᠯ ᠤᠨ ᠤᠬᠠᠭᠤᠯᠭ᠎ᠠ ᠶᠢᠨ ᠰᠠᠮᠪᠠᠷ᠎ᠠ ᠶᠢ ᠠᠮᠢᠳᠤᠯᠢᠭ ᠢᠶᠠᠷ ᠬᠡᠷᠡᠭᠯᠡᠵᠦ᠂ ᠢᠯᠡ ᠭᠠᠵᠠᠷ ᠲᠤ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠤᠷᠢᠶ᠎ᠠ ᠡᠯᠬᠦᠬᠦ ᠬᠡᠷᠡᠭᠲᠡᠢ᠃ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠯᠪᠡᠷᠢ ᠪᠠᠷ ᠠᠵᠤ ᠠᠬᠤᠶᠢᠯᠠᠯ ᠠᠴᠠ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠢ ᠠᠰᠠᠭᠤᠳᠠᠯ ᠰᠦᠪᠡᠭᠴᠢ ᠪᠠ ᠰᠠᠨᠠᠯ ᠰᠠᠨᠠᠭᠤᠯᠭ᠎ᠠ ᠶᠢ ᠦᠨᠡᠨ ᠰᠡᠳᠬᠢᠯ ᠠᠴᠠ ᠪᠠᠨ ᠴᠤᠭᠯᠠᠭᠤᠯᠵᠤ᠂ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠲᠠᠯ᠎ᠠ ᠪᠠᠷ ᠬᠢ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠦᠨᠡᠨ ᠪᠣᠳᠠᠲᠠᠢ ᠪᠠᠷ ᠢᠯᠡᠴᠢᠯᠡᠬᠦ ᠪᠠ ᠰᠢᠢᠳᠪᠦᠷᠢᠯᠡᠵᠦ᠂ ︽ᠺᠠᠳᠠᠷᠴᠤᠳ ᠵᠣᠷᠢᠭᠲᠠᠢ ᠠᠵᠢᠯᠯᠠᠬᠤ︾᠂ ︽ᠣᠷᠣᠨ ᠨᠤᠲᠤᠭ ᠤᠨ ᠬᠢᠨ ᠵᠣᠷᠢᠭᠲᠠᠢ ᠰᠢᠪᠳᠤᠯᠬᠤ︾᠂ ︽ᠠᠵᠤ ᠠᠬᠤᠶᠢᠯᠠᠯ ᠬᠢᠨ ᠵᠣᠷᠢᠭᠲᠠᠢ ᠬᠢᠬᠦ︾᠂ ︽ᠤᠯᠠᠨ ᠲᠦᠮᠡᠨ ᠮᠡᠳᠡᠷᠡᠭᠰᠡᠨ︾ ᠬᠤᠳᠠᠯᠳᠤᠭ᠎ᠠ ᠡᠵᠡᠩᠨᠡᠭᠰᠡᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号