ᠮᠦᠩᠭᠦᠨᠬᠤᠸᠠᠷ ᠳᠣᠯᠣᠲᠤ ᠰᠤᠮᠤ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/14
    4 ᠰᠠᠷ᠎ᠠ ᠶᠢᠨ 11 ᠤ ᠡᠳᠦᠷ᠂ ᠬᠤᠰᠢᠭᠤᠨ ᠤ ᠤᠯᠤᠰ ᠲᠥᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠮᠦᠩᠭᠦᠨᠬᠤᠸᠠᠷ ᠳᠣᠯᠣᠲᠤ ᠰᠤᠮᠣ ᠳᠤ ᠬᠦᠷᠴᠦ ᠠᠶᠤᠯᠭᠦᠢ ᠦᠢᠯᠡᠳᠪᠦᠷᠢᠯᠡᠯ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠠᠬᠢᠭᠤᠯᠬᠤ ᠬᠤᠷᠠᠯ ᠬᠢᠪᠡ᠃
3fe7aa42e712bd892fb971f57dbaf24.jpg
     ᠮᠦᠩᠭᠦᠨᠬᠤᠸᠠᠷ ᠵᠢᠭᠠᠪᠣᠷᠢᠯᠠᠭᠰᠠᠨ ᠨᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠪᠣᠯ ︽ᠲᠤᠶᠢᠯ ᠤᠨ ᠴᠢᠬᠤᠯᠠ᠂ ᠲᠤᠶᠢᠯ ᠤᠨ ᠪᠠᠴᠢᠮ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠢ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠣᠯᠠᠨ ᠠᠷᠭ᠎ᠠ ᠵᠠᠮ ᠢᠶᠠᠷ ᠤᠬᠠᠭᠤᠯᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠤᠢ ᠰᠢᠭᠤᠢ ᠬᠠᠮᠠᠭᠠᠯᠠᠭᠴᠢ ᠶᠢᠨ ᠲᠣᠭᠤᠷᠢᠨ ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠭᠤᠷᠢᠨ ᠪᠠᠶᠢᠴᠠᠭᠠᠬᠤ ᠤᠳᠠᠭ᠎ᠠ ᠳᠠᠷᠠᠭ᠎ᠠ ᠪᠠᠨ ᠨᠡᠮᠡᠭᠳᠡᠭᠦᠯᠵᠦ᠂ ᠭᠠᠯ ᠤᠨ ᠠᠶᠤᠯ ᠤᠨ ᠪᠠᠶᠢᠳᠠᠯ ᠢ ᠴᠠᠭ ᠲᠤᠬᠠᠢ ᠳᠤᠨᠢ ᠣᠯᠵᠤ ᠮᠡᠳᠡᠬᠦ ᠶᠢ ᠦᠨᠡᠨ ᠬᠦ ᠪᠠᠲᠤᠯᠠᠵᠤ᠂ ᠡᠷᠲᠡ ᠲᠦᠷᠭᠡᠨ ᠰᠢᠢᠳᠪᠦᠷᠢᠯᠡᠬᠦ ᠬᠡᠷᠡᠭᠲᠡᠢ ᠭᠡᠪᠡ᠃    ᠮᠦᠩᠭᠦᠨᠬᠤᠸᠠᠷ ᠴᠢᠬᠤᠯᠠᠴᠢᠯᠠᠭᠰᠠᠨ ᠨᠢ᠂ ᠨᠢᠭᠡ ᠳᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠬᠤᠯᠪᠣᠭᠠᠯᠠᠨ ᠳᠠᠭᠠᠭᠠᠴᠢᠯᠠᠬᠤ ᠬᠠᠷᠢᠭᠤᠴᠠᠯᠭ᠎ᠠ ᠪᠠᠨ ᠴᠢᠩᠭ᠎ᠠ ᠪᠥᠭᠡᠳ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠳᠣᠷᠣᠭᠰᠢ ᠪᠠᠭᠤᠵᠤ ᠨᠠᠶᠢᠳᠠᠪᠤᠷᠢᠵᠢᠭᠤᠯᠬᠤ ᠶᠢ ᠠᠳᠬᠤᠵᠤ᠂ ᠳᠠᠭᠠᠭᠠᠴᠢᠯᠠᠭᠰᠠᠨ ᠤᠳᠤᠷᠢᠳᠤᠯᠭ᠎ᠠ ︵ᠺᠠᠳ᠋ᠷ︶ ᠨᠢ ᠰᠠᠨᠠᠭᠠᠴᠢᠯᠠᠭ᠎ᠠ  ᠠᠴᠠ ᠪᠠᠨ ᠭᠠᠴᠠᠭ᠎ᠠ ᠲᠣᠰᠬᠤᠨ ᠳᠤ ᠭᠦᠨᠵᠡᠭᠡᠶᠢᠷᠡᠨ ᠠᠶᠣᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠤᠬᠠᠭᠤᠯᠬᠤ ᠬᠡᠷᠡᠭᠲᠡᠢ︔ ᠬᠤᠶᠠᠷ ᠲᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠰᠠᠶᠢᠲᠤᠷ ᠬᠢᠵᠦ᠂ ᠭᠠᠯ ᠰᠡᠷᠭᠡᠶᠢᠯᠡᠬᠦ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ︽ᠭᠠᠯ ᠭᠠᠷᠪᠠᠯ ᠵᠠᠪᠠᠯ ᠮᠡᠳᠡᠭᠦᠯᠬᠦ᠂ ᠨᠢᠭᠡ ᠪᠠᠶᠢᠳᠠᠯ ᠢ ᠨᠢᠭᠡ ᠮᠡᠳᠡᠭᠦᠯᠬᠦ᠂  ᠭᠠᠯ ᠦᠭᠡᠢ ᠪᠣᠯ ᠲᠡᠭ ᠮᠡᠳᠡᠭᠦᠯᠦᠯᠲᠡ ᠬᠢᠬᠦ︾ ᠳᠦᠷᠢᠮ ᠢ ᠨᠠᠶᠢᠳᠠᠪᠤᠷᠢᠵᠢᠭᠤᠯᠵᠤ᠂ 24 ᠴᠠᠭ ᠲᠤ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ︔ ᠭᠤᠷᠪᠠ ᠳᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨᠬᠦ ᠪᠠᠲᠤ ᠴᠢᠩᠭ᠎ᠠ ᠨᠠᠶᠢᠳᠠᠪᠤᠷᠢᠵᠢᠭᠤᠯᠬᠤ ᠳᠤ᠂ ᠡᠷᠬᠡᠪᠰᠢ ᠳᠠᠶᠠᠭᠠᠷ ᠢ ᠲᠠᠶᠢᠴᠢᠯᠠᠵᠤ᠂ ᠪᠦᠭᠦᠳᠡᠭᠡᠷ ᠢᠶᠠᠨ ᠣᠷᠣᠯᠴᠠᠵᠤ᠂ ᠨᠢᠭᠲᠠ ᠬᠠᠮᠵᠢᠯᠴᠠᠬᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠪᠠᠶᠢᠷᠢᠰᠢᠯ ᠢ ᠪᠦᠷᠢᠯᠳᠦᠭᠦᠯᠵᠦ᠂ ᠠᠶᠣᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠭᠦᠨᠵᠡᠭᠡᠢ ᠰᠢᠭ᠂ ᠨᠠᠷᠢᠯᠢᠭ ᠰᠢᠭ᠋᠂ ᠪᠣᠳᠠᠲᠠᠢ ᠰᠢᠭ᠋ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠶᠢ ᠬᠠᠷᠢᠭᠤᠴᠠᠯᠭ᠎ᠠ ᠶᠢᠨ ᠭᠤᠣᠯ ᠴᠣᠭᠴᠠ ᠳᠤ ᠨᠠᠶᠢᠳᠠᠪᠤᠷᠢᠵᠢᠭᠤᠯᠤᠨ᠂ ᠪᠣᠳᠠᠲᠠᠢ ᠠᠵᠢᠯᠲᠠᠨ ᠳᠤ ᠨᠠᠶᠢᠳᠠᠪᠤᠷᠢᠵᠢᠭᠤᠯᠵᠤ᠂ ᠡᠯ᠎ᠡ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号