ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠲᠦᠯᠦᠭᠡᠯᠡᠭᠴᠢᠳ ᠤᠨ ᠠᠵᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/4/14
    4 ᠰᠠᠷ᠎ᠠ ᠶᠢᠨ 12 ᠤᠨ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ᠂ ᠳᠡᠳ᠋ ᠡᠷᠭᠢᠯᠡᠭᠴᠢ ᠶᠠᠩ ᠵᠧᠨ ᠴᠢᠩ ᠯᠦᠪᠸᠢ ᠪᠠᠯᠭᠠᠰᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡᠯᠡᠭᠴᠢᠳ ‍ᠦ᠊ ᠰᠠᠭᠤᠳᠠᠯ ᠤᠨ ᠬᠤᠷᠠᠯ ᠬᠢᠵᠦ᠂ ᠯᠦᠪᠸᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠲᠦᠯᠦᠭᠡᠯᠡᠭᠴᠢᠳ ᠤᠨ ᠠᠵᠢᠯ ᠦᠷᠨᠢᠭᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃
8fdfda05b166ef9e2b227a41d3cbf00.jpg
    ᠬᠤᠷᠠᠯ ᠳᠡᠭᠡᠷ᠎ᠡ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠭᠰᠠᠨ ᠪᠥᠭᠡᠳ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠠᠯᠬᠤᠮ ᠳᠤ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠨᠡᠩ ᠰᠠᠶᠢᠨ ᠭᠦᠢᠴᠡᠳᠬᠡᠵᠦ ᠤᠯᠠᠨ ᠲᠦᠮᠡᠨ ᠳᠤ ᠦᠢᠯᠡᠴᠢᠯᠡᠬᠦ ᠳᠤ ᠰᠢᠨ᠎ᠡ ᠰᠡᠳᠬᠢᠮᠵᠢ ᠬᠠᠩᠭᠠᠭᠰᠠᠨ ᠪᠠᠶᠢᠨ᠎ᠠ᠃    ᠦ᠋ ᠴᠢᠩ ᠬᠠᠢ ᠬᠠᠮᠲᠤ ᠶᠠᠪᠣᠭᠰᠠᠳ ᠲᠠᠢ ᠪᠠᠨ ᠪᠦᠯᠦᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠲᠥᠯᠥᠭᠡᠯᠡᠭᠴᠢᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠤᠬᠠᠶᠢᠯᠠᠭᠰᠠᠨ ᠠᠵᠢᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠠᠪᠬᠤᠷ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠣᠨᠴᠠᠭᠠᠶᠢᠯᠠᠨ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ᠂ ᠠᠷᠠᠳ ᠤᠨ ᠲᠥᠯᠥᠭᠡ ᠦᠭᠡ ᠬᠡᠯᠡᠬᠦ ᠦᠶ᠎ᠡ ᠳᠤ ᠲᠥᠯᠥᠭᠡᠯᠡᠭᠴᠢ ᠶᠢᠨ ᠪᠡᠶ᠎ᠡ ᠶᠢᠨ ᠭᠠᠷᠤᠯ ᠢ ᠲᠣᠪᠤᠶᠢᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠨᠡᠶᠢᠭᠡᠮ ᠳᠠᠬᠢ ᠦᠢᠯᠡᠳᠦᠯ ᠢ ᠴᠢᠩᠭᠠᠳᠬᠠᠵᠤ᠂ ᠠᠷᠠᠳ ᠤᠯᠠᠨ ᠤ ᠳᠤᠷᠠᠳᠤᠭᠰᠠᠨ ᠬᠦᠰᠡᠯ ᠱᠠᠭᠠᠷᠳᠠᠯᠭ᠎ᠠ ᠳᠤ ᠵᠠᠪᠠᠯ ︽ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠬᠡᠷᠡᠭᠲᠡᠢ᠃ ᠡᠭᠦᠨ ᠤ ᠬᠠᠮᠲᠤ ᠯᠦᠪᠸᠢ ᠪᠠᠯᠭᠠᠰᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠤᠨ ᠬᠢᠨ ᠲᠠᠪᠴᠠᠩ ᠤᠨ ᠦᠢᠯᠡᠴᠢᠯᠡᠭᠡᠨ ᠤ ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠪᠠᠶᠠᠯᠢᠭ ᠰᠠᠶᠢᠬᠠᠨ ᠲᠥᠯᠥᠭᠡᠯᠡᠭᠴᠢᠳ ᠤᠨ ᠠᠵᠢᠯᠯᠠᠭ᠎ᠠ ᠥᠷᠨᠢᠭᠦᠯᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号