ᠵᠠᠷᠤᠳ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠬᠤ ᠵᠢᠴᠢ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/17
    4 ᠰᠠᠷ᠎ᠠ ᠶᠢᠨ 14 ᠤ ᠡᠳᠦᠷ᠂ ᠵᠠᠷᠤᠳ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠬᠤ ᠵᠢᠴᠢ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠬᠢᠭᠤᠯᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠪᠠᠲᠤ᠂ ᠯᠢᠦ ᠶᠣᠣ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠰᠦᠸᠧ ᠮᠢᠩ ᠢᠦᠢ᠂ ᠵᠠᠩ ᠶᠦᠩ ᠴᠢᠶᠠᠩ᠂  ᠮᠦᠩᠭᠦᠨᠬᠤᠸᠠᠷ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠤᠷᠤᠯᠴᠠᠪᠠ᠃     
微信图片_20230417103326.jpg
     ᠱᠤᠤ ᠶᠠᠨ ᠵᠢᠶᠦ᠋ᠨ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠶᠡᠭᠡ ᠡᠭᠦᠷᠭᠡ︾  ᠶᠢᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠡᠭᠦᠷᠭᠡ ᠶᠢᠨ ᠨᠠᠷᠢᠨ ᠲᠠᠩᠰᠠ ᠶᠢ ᠭᠦᠨᠵᠡᠭᠡᠢ ᠰᠤᠷᠤᠯᠴᠠᠨ ᠰᠤᠳᠤᠯᠵᠤ᠂ ᠡᠯ᠎ᠡ ᠬᠦᠷᠢᠶᠡᠨ ᠤ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠲᠥᠰᠥᠯ ᠲᠣᠭᠲᠠᠭᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠶᠢᠨ ᠳᠦᠷᠢᠮ ᠢ ᠲᠣᠳᠣᠷᠬᠠᠶᠢᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠡᠷᠡᠰ ᠰᠢᠭᠤᠷᠬᠠᠢ ᠪᠠᠶᠢᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠳᠠᠭᠠᠨ ᠲᠦᠷᠭᠡᠨ ᠪᠠᠶᠢᠵᠤ᠂ ᠠᠵᠢᠯ ᠢᠶᠠᠨ ᠲᠥᠯᠥᠪᠯᠡᠬᠦ ᠳᠡᠭᠡᠨ ᠤᠷᠢᠳᠴᠢᠯᠠᠭᠰᠠᠨ ᠪᠠᠶᠢᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠲᠤᠳᠬᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠬᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠦᠬᠦ ᠬᠦᠴᠦᠨ ᠢᠶᠠᠷ ᠢᠶᠠᠨ ᠠᠳᠬᠤᠭᠰᠠᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠴᠠᠭ  ᠢ ᠠᠮᠵᠢᠵᠤ᠂ ᠲᠡᠷᠢᠭᠦᠨ ᠳᠤ ᠤᠷᠤᠬᠤ ᠪᠠᠷ ᠴᠢᠷᠮᠠᠶᠢᠵᠦ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠬᠢᠵᠦ᠂ ᠪᠣᠳᠠᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠪᠤᠷᠢᠯᠠᠪᠠ᠃    
微信图片_20230417103320.jpg
     ᠱᠣᠸ ᠶᠠᠨ ᠵᠢᠶᠦ᠋ᠨ ᠱᠠᠭᠠᠷᠳᠠᠭᠰᠠᠨ ᠨᠢ᠂ ᠬᠤᠰᠢᠭᠤ ᠲᠠᠶᠠᠭᠠᠷ ᠢᠶᠠᠷ ᠢᠶᠠᠨ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠯ᠎ᠡ ᠲᠤᠰᠬᠠᠢ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠳᠠᠷᠤᠭ᠎ᠠ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠳᠠᠯᠳᠤᠭᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠠᠷᠤᠢ ᠲᠦᠷᠭᠡᠨ ᠨᠢᠭᠡ ᠪᠦᠯᠦᠭ ᠰᠠᠶᠢᠨ ᠲᠥᠷᠥᠯ ᠵᠦᠢᠯ᠂ ᠰᠢᠨ᠎ᠡ ᠲᠥᠷᠥᠯ ᠵᠦᠢᠯ᠂ ᠲᠣᠮᠣ ᠲᠥᠷᠥᠯ ᠵᠦᠢᠯ ᠢ ᠣᠷᠣᠭᠤᠯᠬᠤ ᠬᠡᠷᠡᠭᠲᠡᠢ᠃ ᠴᠠᠭ ᠤᠨ ᠬᠦᠰᠦᠨᠦᠭᠲᠦ᠂ ᠡᠭᠦᠷᠭᠡ ᠶᠢᠨ ᠪᠢᠴᠢᠭ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠢᠷᠤᠭ ᠡᠯᠭᠦᠨ ᠪᠠᠶᠢᠯᠳᠤᠬᠤ ᠶᠢ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠡᠯᠡ ᠮᠥᠩᠭᠦ ᠴᠤᠭᠯᠠᠭᠤᠯᠬᠤ ᠵᠡᠷᠭᠡ ᠲᠠᠯ᠎ᠠ ᠶᠢᠨ ᠬᠢᠵᠠᠭᠠᠷᠯᠠᠯ ᠢ ᠪᠦᠬᠦ ᠬᠦᠴᠦᠨ ᠢᠶᠠᠷ ᠢᠶᠠᠨ ᠡᠪᠳᠡᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠡᠩᠨᠡᠭᠡ ᠶᠢ ᠰᠢᠯᠢᠳᠡᠭᠴᠢᠯᠡᠨ ᠰᠣᠩᠭᠤᠵᠤ᠂ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠬᠢᠴᠠ ᠶᠢᠨ ᠪᠣᠭᠤᠮᠲᠠ ᠶᠢ ᠪᠦᠬᠦ ᠶᠠᠪᠤᠴᠠ ᠪᠠᠷ ᠰᠠᠶᠢᠲᠤᠷ ᠠᠳᠬᠤᠵᠤ᠂ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ ᠬᠡᠷᠡᠭᠲᠡᠢ᠃ ᠬᠦᠴᠤᠨ ᠵᠤᠶᠢᠯ ᠤᠨ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠦᠶᠡᠯᠡᠯ ᠤᠨ ᠬᠤᠭᠤᠴᠠᠭᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠢᠭᠲᠠ ᠤᠶᠢᠯᠭᠠᠵᠦ᠂ ᠬᠦᠴᠢᠷᠳᠡᠯ ᠬᠢᠵᠠᠭᠠᠷᠯᠠᠯ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠴᠢᠬᠤᠯᠠ ᠶᠡᠭᠡ ᠲᠦᠷᠦᠯ ᠵᠦᠢᠯ ᠢ ᠴᠠᠭ ᠤᠨ ᠳᠠᠷᠠᠭᠠᠯᠠᠯ ᠠᠬᠢᠴᠠ ᠪᠠᠷ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      
微信图片_20230417103315.jpg
     ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ︽ᠲᠠᠪᠤ ᠶᠢ ᠦᠨᠳᠦᠰᠦᠨ ᠠᠴᠠ ᠡᠬᠢᠯᠡᠭᠦᠯᠬᠦ︾ ᠠᠵᠢᠯ ᠪᠣᠯ ᠥᠪᠡᠷᠲᠡᠭᠡᠨ ᠵᠠᠰᠠᠬᠤ ᠣᠷᠣᠨ ᠠᠴᠠ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠣᠨ᠎ᠠ᠃ ᠬᠤᠰᠢᠭᠤ ᠲᠠᠶᠠᠭᠠᠷ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠡᠬᠢᠯᠡᠭᠦᠯᠬᠦ ᠬᠤᠷᠳᠤᠴᠠ ᠦᠷ᠎ᠡ ᠪᠦᠲᠦᠮᠵᠢ  ᠪᠠᠨ ᠲᠦᠷᠭᠡᠳᠬᠡᠵᠦ᠂ ᠴᠠᠭ ᠤᠨ ᠬᠢᠵᠠᠭᠠᠷ ᠪᠠ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠤᠬᠠᠮᠰᠠᠷ ᠢᠶᠠᠨ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠢᠨᠠᠨ ᠵᠢᠯᠤᠭᠤᠳᠴᠤ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠡᠯ᠎ᠡ ᠰᠠᠯᠠᠭ᠎ᠠ ᠮᠥᠴᠢᠷ  ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠴᠠᠭ ᠲᠤᠬᠠᠢ ᠳᠤᠨᠢ ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠡᠬᠢ ᠪᠠᠶᠠᠯᠢᠭ ᠢᠶᠠᠨ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号