ᠵᠠᠷᠤᠳ ᠬᠤᠰᠢᠭᠤ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/17
    4 ᠰᠠᠷ᠎ᠠ ᠶᠢᠨ 15 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠢᠪᠡ᠃ ᠪᠦᠦ ᠸᠧᠨ ᠯᠠᠨ᠂ ᠪᠠᠲᠤ᠂ ᠯᠢᠦ ᠶᠣᠣ᠂ ᠯᠢ ᠶᠦᠩ ᠬᠠᠢ᠂ ᠭᠦᠸᠧ ᠶᠠ ᠹᠧᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
d74e79bbafe954f37955b6b27010a79.jpg
    ᠡᠯ᠎ᠡ ᠰᠠᠯᠠᠭ᠎ᠠ ᠮᠦᠴᠢᠷ ᠤᠨ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠭᠡᠭᠦᠳᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠲᠥᠷᠥᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠤᠳᠤᠯᠤᠨ ᠨᠡᠪᠲᠡᠷᠡᠲᠡᠯ᠎ᠡ ᠣᠶᠢᠯᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠩ ᠰᠠᠶᠢᠨ ᠣᠶᠢᠯᠠᠭᠠᠬᠤ ᠬᠡᠷᠡᠭᠲᠡᠢ᠃ ᠰᠠᠯᠠᠭ᠎ᠠ ᠮᠥᠴᠢᠷ ᠬᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠢᠳᠡᠪᠬᠢᠲᠡᠢ ᠪᠠᠷ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠲᠤᠷᠠᠯᠴᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ ᠭᠡᠪᠡ᠃
8623de15159b10a80c8c09ffefc6ff9.jpg
    ᠱᠤᠤ ᠶᠠᠨ ᠵᠢᠶᠦ᠋ᠨ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠷᠳᠠᠮ ᠭᠦᠢᠴᠡᠳᠬᠡᠬᠦ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡ ᠪᠠᠷ ᠭᠤᠣᠯ ᠪᠣᠯᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ᠂ ᠦᠢᠯᠡᠴᠢᠯᠡᠬᠦ᠂  ᠬᠦᠴᠦᠨ ᠵᠦᠢᠯ ᠤᠨ ᠪᠠᠲᠤᠯᠠᠭ᠎ᠠ ᠵᠡᠷᠭᠡ ᠠᠵᠢᠯ ᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠠᠬᠢᠭᠤᠯᠬᠤ ᠲᠥᠯᠥᠪᠯᠡᠭᠡ ᠲᠣᠭᠲᠠᠭᠠᠵᠤ᠂ ᠠᠵᠢᠯ ᠤᠨ ᠡᠬᠡ ᠲᠠᠩᠰᠠ ᠶᠢ ᠲᠡᠭᠦᠯᠳᠡᠷᠵᠢᠭᠦᠯᠵᠦ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠭᠠᠵᠠᠷ ᠰᠣᠩᠭᠤᠬᠤ᠂ ᠭᠠᠵᠠᠷ ᠰᠢᠷᠣᠢ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ᠂ ᠬᠢᠨᠠᠨ ᠵᠥᠪᠰᠢᠶᠡᠷᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠥᠬᠦ ᠬᠦᠴᠦᠨ ᠢᠶᠠᠷ ᠢᠶᠠᠨ ᠰᠢᠪᠲᠤᠯᠵᠤ᠂ ᠲᠥᠷᠥᠯ ᠵᠦᠢᠯ ᠤᠨ ᠠᠬᠢᠴᠠ ᠶᠢ ᠲᠡᠷᠡ ᠳᠠᠷᠤᠢ ᠳᠤᠨᠢ ᠡᠵᠡᠮᠰᠢᠨ᠂ ᠠᠬᠢᠭᠤᠯᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠳᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠠᠬᠢᠴᠠ ᠡᠷᠴᠢᠮ ᠲᠠᠢ᠂ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠲᠣᠭᠲᠠᠭᠰᠠᠨ ᠴᠠᠭ ᠲᠠᠭᠠᠨ ᠠᠵᠢᠯ ᠡᠬᠢᠯᠡᠭᠦᠯᠦᠭᠡᠳᠦᠢ ᠲᠥᠷᠥᠯ ᠵᠦᠢᠯ ᠢ ᠭᠦᠨᠵᠡᠭᠡᠢ ᠰᠤᠳᠤᠯᠤᠨ ᠮᠠᠭᠠᠳᠯᠠᠵᠤ᠂ ᠳᠠᠯᠳᠠ ᠬᠡᠮ ᠢ ᠨᠢ ᠣᠨᠣᠪᠴᠢᠲᠠᠢ ᠡᠷᠢᠵᠦ᠂ ᠣᠨᠣᠴᠠᠲᠠᠢ ᠬᠦᠴᠦᠯᠡᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠠᠷᠢᠯᠭ᠎ᠠ ᠶᠢᠨ ᠰᠢᠵᠢᠷ ᠠᠯᠲᠠᠨ ᠴᠠᠭ ᠦᠶ᠎ᠡ ᠶᠢ ᠠᠳᠬᠤᠨ᠂ ᠵᠠᠩᠭᠢᠯᠠᠭ᠎ᠠ ᠶᠢᠨ ᠬᠦᠴᠦᠯᠡᠬᠦ ᠴᠡᠭ ᠢ ᠠᠳᠬᠤᠨ᠂ ᠰᠠᠨᠠᠭᠠᠴᠢᠯᠠᠭᠠᠲᠤ ᠳᠠᠶᠢᠯᠠᠯᠳᠤᠭᠠᠨ᠂ ᠣᠨᠣᠴᠠᠲᠠᠢ ᠳᠠᠶᠢᠯᠠᠯᠳᠣᠭᠠᠨ ᠢ ᠰᠠᠶᠢᠲᠤᠷ ᠬᠢᠵᠦ᠂ ᠲᠥᠷᠥᠯ ᠵᠦᠢᠯ ᠤᠨ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃    ᠬᠤᠷᠠᠯ ᠠᠴᠠ ᠪᠠᠰᠠ ᠲᠥᠷᠥᠯ ᠵᠦᠢᠯ ᠤᠨ ᠲᠤᠭ᠎ᠠ ᠬᠡᠮᠵᠢᠶ᠎ᠡ ᠭᠦᠢᠴᠡᠳᠬᠡᠯ ᠲᠤᠭ᠎ᠠ ᠶᠢᠨ ᠲᠣᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠳᠠᠶᠢᠯᠣᠮᠵᠢ ᠬᠢᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号