| ᠮᠠᠨ ᠤ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠢᠶᠠᠷ ᠠᠬᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠨᠠᠩ ᠭᠤᠶᠢᠳᠠ ᠰᠠᠶᠢᠬᠠᠨ ᠪᠣᠯᠭᠠᠬᠤ ᠶᠢᠨ ᠲᠥᠯᠥᠭᠡ᠂ 4 ᠰᠠᠷ᠎ᠠ ᠶᠢᠨ | 11 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠠᠴᠠ ᠵᠠᠷᠤᠳ ᠬᠤᠰᠢᠭᠤᠨ ᠤ 35 ᠳ᠋ᠤᠭᠠᠷ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠬᠦᠳᠡᠯᠭᠡᠭᠡᠨ ᠤ ᠡᠬᠢᠯᠡᠯᠲᠡ ᠶᠢᠨ ᠬᠤᠷᠠᠯ ᠵᠢᠴᠢ ᠤᠯᠤᠰ ᠤᠨ | ᠠᠷᠢᠭᠤᠨ ᠴᠡᠪᠡᠷ ᠬᠤᠰᠢᠭᠤ ᠰᠢᠶᠠᠨ᠂ ᠤᠯᠤᠰ ᠤᠨ ᠠᠷᠢᠭᠤᠨ ᠴᠡᠪᠡᠷ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ | ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ | ᠶᠠ ᠹᠧᠩ᠂ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠴᠦᠨ ᠯᠢᠩ᠂ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠫᠠᠨ ᠰᠢᠶᠣᠣ ᠢᠩ᠂ ᠠᠷᠢᠭᠤᠨ ᠴᠡᠪᠡᠷ ᠰᠢᠶᠠᠩ | ᠪᠠᠯᠭᠠᠰᠤ ᠶᠢ ᠡᠭᠦᠳᠦᠨ ᠪᠠᠶᠢᠭᠤᠯᠬᠤ ᠵᠢᠴᠢ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ | ᠪᠠᠶᠢᠭᠤᠯᠬᠤ ᠠᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠬᠢᠨ ᠨᠡᠶᠢᠲᠡ ᠳᠥᠴᠢ ᠭᠠᠷᠤᠢ | ᠬᠦᠮᠦᠰ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠡᠩ ᠲᠡᠷᠢᠭᠦᠨ ᠳᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠲᠥᠪ ᠤᠨ ᠬᠠᠷᠢᠭᠤᠴᠠᠯᠭᠠᠲᠠᠨ ᠳ᠋ᠧᠩ ᠴᠠᠩ ᠴᠢᠩ ᠠᠴᠠ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠢ | ᠡᠭᠦᠳᠦᠨ ᠪᠠᠶᠢᠭᠤᠯᠬᠤ ᠠᠵᠢᠯ ᠤᠨ ᠡᠭᠦᠷᠭᠡ ᠬᠠᠷᠠᠯᠲᠠ᠂ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠬᠤ ᠢᠯᠡ | ᠪᠠᠶᠢᠴᠠᠭᠠᠬᠤ ᠭᠤᠣᠯ ᠬᠤᠪᠢ ᠥᠭᠬᠦ ᠲᠤᠬᠠᠢ ᠲᠣᠳᠣᠷᠬᠠᠶᠢᠯᠠᠯᠲᠠ ᠬᠢᠪᠡ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠫᠠᠨ ᠰᠢᠶᠣᠣ | ᠶᠢᠩ ᠡᠴᠡᠣᠳᠣᠬᠠᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠷᠢᠭᠤᠨ ᠴᠡᠪᠡᠷ ᠬᠤᠰᠢᠭᠤ | ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ | ᠪᠠᠷᠢᠮᠵᠢᠶ᠎ᠠ ᠳᠤ ᠭᠦᠷᠦᠭᠰᠡᠨ ᠦᠭᠡᠢ ᠵᠦᠢᠯᠡᠰ ᠲᠤ ᠲᠠᠶᠢᠯᠤᠮᠵᠢ ᠬᠢᠪᠡ᠃ ᠡᠭᠦᠨ ᠤ ᠬᠠᠮᠲᠤ᠂ ᠡᠯ᠎ᠡ ᠬᠤᠯᠪᠣᠭᠳᠠᠯ | ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠬᠢᠨ ᠢ ᠠᠬᠤᠢ ᠲᠠᠯᠠᠪᠠᠢ ᠳᠤ ᠦᠨᠡᠯᠡᠨ ᠵᠢᠱᠢᠭᠰᠡᠨ ᠭᠦᠢᠴᠡᠳᠬᠡᠯ ᠲᠤᠭ᠎ᠠ | ᠡᠭᠦᠷᠭᠡ ᠶᠣᠰᠣᠭᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠪᠠ᠃ | ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠮᠠᠨ ᠤ ᠬᠤᠰᠢᠭᠤᠨ ᠤ ᠤᠯᠤᠰ ᠤᠨ ᠠᠷᠢᠭᠤᠨ ᠴᠡᠪᠡᠷ | ᠬᠤᠰᠢᠭᠤ ᠰᠢᠶᠠᠨ᠂ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠲᠡᠷᠡ | ᠵᠢᠭᠠᠪᠣᠷᠢᠯᠠᠭᠰᠠᠨ ᠨᠢ᠂ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠪᠣᠯ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠣᠷᠠᠲᠠᠢ ᠭᠠᠷᠭᠠᠭᠰᠠᠨ ᠴᠢᠬᠤᠯᠠ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ᠦᠵᠡᠯ | ᠰᠠᠨᠠᠭ᠎ᠠ ᠪᠠᠨ ᠨᠢᠭᠡᠳᠬᠡᠨ᠂ ᠪᠠᠷᠢᠮᠵᠢᠶ᠎ᠠ ᠲᠠᠢ ᠬᠠᠷᠭᠤᠭᠤᠯᠵᠤ᠂ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ | ᠡᠭᠦᠳᠦᠨ ᠪᠠᠶᠢᠭᠤᠯᠬᠤ ᠢᠲᠡᠭᠡᠯ ᠵᠣᠷᠢᠭ ᠢᠶᠠᠨ ᠦᠨᠡᠨᠬᠦ ᠴᠢᠩᠭᠠᠳᠬᠠᠵᠤ᠂ ᠬᠤᠰᠢᠭᠤ ᠳᠠᠶᠠᠭᠠᠷ ᠢᠶᠠᠷ ᠢᠶᠠᠨ ᠡᠷᠴᠢ | ᠵᠣᠷᠢᠭ ᠢᠶᠠᠨ ᠬᠥᠪᠴᠢᠯᠡᠨ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠠᠷᠭ᠎ᠠ ᠬᠡᠮᠵᠢᠶ᠎ᠡ ᠪᠠᠨ ᠨᠡᠮᠡᠭᠳᠡᠭᠦᠯᠦᠨ᠂ | ᠬᠠᠮᠤᠭ ᠤᠨ ᠶᠡᠭᠡ ᠰᠥᠰᠦ ᠵᠣᠷᠢᠭ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ | ᠬᠡᠮᠵᠢᠶ᠎ᠡ ᠪᠠᠷ ᠤᠯᠤᠰ ᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ︽ᠪᠣᠭᠤᠮᠲᠠ ᠰᠢᠪᠲᠤᠯᠬᠤ | ᠳᠠᠶᠢᠯᠠᠯᠳᠤᠭᠠᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠯᠤᠰ ᠢᠶᠠᠨ ᠬᠠᠶᠢᠷᠠᠯᠠᠬᠤ | ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ᠂ ᠬᠠᠮᠢᠶ᠎ᠠ ᠪᠦᠬᠦᠢ ᠰᠤᠮᠤ ᠪᠠᠯᠭᠠᠰᠤ ᠲᠠᠯᠠᠪᠠᠢ ᠶᠢᠨ ᠭᠤᠣᠯ | ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ | ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠯᠭᠠᠨ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠬᠥᠮᠥᠨ ᠤ | ᠬᠦᠴᠦᠨ᠂ ᠡᠳ᠋ ᠤᠨ ᠬᠦᠴᠦᠨ ᠪᠠ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠶᠢᠨ ᠲᠠᠯ᠎ᠠ ᠪᠠᠷ ︽ᠠᠷᠢᠭᠤᠨ ᠴᠡᠪᠡᠷ | ᠬᠤᠲᠠ ᠶᠢ ᠡᠭᠦᠳᠦᠨ ᠪᠠᠶᠢᠭᠤᠯᠬᠤ︾ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠨᠢᠭᠡᠨᠲᠡ | ᠲᠣᠭᠲᠠᠭᠠᠭᠰᠠᠨ ᠴᠠᠭ ᠬᠤᠭᠤᠴᠠᠭ᠎ᠠ ᠪᠠ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠲᠥᠯᠥᠪᠯᠡᠨ | ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠬᠦᠴᠦᠨ ᠢᠶᠠᠨ ᠭᠦᠢᠴᠡᠳ ᠲᠣᠬᠢᠷᠠᠭᠤᠯᠤᠨ ᠴᠢᠩᠭ᠎ᠠ ᠲᠣᠬᠢᠷᠠᠭᠤᠯᠵᠤ᠂ | ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ᠃ ᠡᠭᠦᠨ ᠤ ᠵᠡᠷᠭᠡ ᠳᠤ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠴᠢᠬᠤᠯᠠᠴᠢᠯᠠᠬᠤ ᠳᠠᠭᠠᠨ 35 | ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠬᠦᠳᠡᠯᠭᠡᠭᠡᠨ ᠵᠢᠩᠬᠢᠨᠢ ᠪᠠᠷ ᠡᠬᠢᠯᠡᠵᠦ᠂ ᠡᠯ᠎ᠡ | ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠬᠢᠨ ᠰᠢᠨ᠎ᠡ ᠨᠢᠭᠡ ᠦᠶᠡᠯᠡᠯ ᠤᠨ ᠬᠤᠭᠤᠴᠠᠭᠠᠨ ᠤ ᠤᠯᠤᠰ ᠤᠨ | ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠲᠣᠰ ᠭᠠᠵᠠᠷ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠨᠢᠭᠡ ᠤᠳᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠪᠠ ᠡᠪᠡᠳᠴᠢᠨ ᠤ ᠬᠠᠯᠳᠠᠪᠣᠷᠢᠯᠠᠯ ᠤᠨ ᠡᠬᠢ ᠠᠮᠢᠳᠤ ᠪᠣᠳᠠᠰ ᠢ ᠰᠡᠷᠬᠡᠶᠢᠯᠡᠬᠦ ᠪᠠ ᠬᠠᠪᠤᠷ ᠤᠨ ᠤᠯᠠᠷᠢᠯ ᠤᠨ | ᠬᠤᠯᠤᠭᠠᠨ᠎ᠠ ᠤᠰᠠᠳᠬᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠶᠡᠭᠡ ᠴᠡᠪᠡᠷᠯᠡᠯᠲᠡ᠂ ᠶᠡᠭᠡ ᠴᠡᠭᠴᠡᠯᠡᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠬᠤᠲᠠ | ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠬᠤ | ᠬᠡᠷᠡᠭᠲᠡᠢ ᠭᠡᠪᠡ᠃ | | | |